ᠭᠤᠷᠪᠠᠨ ᠠᠷᠭ᠎ᠠ ᠬᠡᠮᠵᠢᠶ᠎ᠡ ᠶᠢ ᠴᠢᠩᠭᠠᠳᠬᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠥᠳᠥᠮᠵᠢ ᠪᠠᠨ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2023/12/7
      ᠴᠢᠩᠱᠠᠨ ᠲᠣᠭᠤᠷᠢᠭ ᠤᠨ ᠵᠢᠷᠭᠠᠯᠠᠩᠳᠣ ᠵᠠᠮ ᠵᠡᠭᠡᠯᠢ ᠭᠤᠳᠤᠮᠵᠢ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ  ᠲᠣᠭᠤᠰᠢᠯᠠᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠦᠬᠦ ᠲᠠᠯ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠵᠢᠯ ᠪᠣᠯᠭᠠᠨ ᠠᠳᠬᠤᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠵᠡᠭᠡᠯᠢ ᠭᠤᠳᠤᠮᠵᠢ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠪᠦᠬᠦ ᠵᠡᠭᠡᠯᠢ ᠭᠤᠳᠤᠮᠵᠢ ᠶᠢᠨ ᠬᠦᠴᠦᠨ ᠢ ᠳᠠᠶᠢᠴᠢᠯᠠᠵᠤ᠂ ︽ᠲᠠᠪᠤ ᠶᠢ ᠠᠭᠤᠰᠤᠯᠴᠠᠭᠤᠯᠬᠤ︾᠎ ᠪᠠᠷ ︽ᠲᠠᠪᠣᠨ ᠬᠠᠮᠳᠣ︾᠎ ᠢ ᠠᠬᠢᠭᠤᠯᠣᠨ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠡᠮᠬᠢ ᠵᠢᠷᠤᠮ ᠲᠠᠢ ᠥᠷᠨᠢᠬᠦᠯᠬᠦ ᠳᠤ ᠭᠥᠴᠥᠯᠡᠨ᠂ ᠦᠨᠳᠦᠰᠦᠲᠡᠨ ᠤ ᠪᠦᠯᠬᠦᠮᠳᠡᠯ ᠨᠢᠭᠡ ᠭᠡᠷ ᠤᠨ ᠬᠥᠮᠦᠨ ᠮᠡᠲᠦ ᠲᠣᠳᠣᠨᠣᠰᠤᠭ ᠰᠢᠨ᠎ᠡ ᠪᠠᠶᠢᠳᠠᠯ ᠢ ᠪᠤᠢ ᠪᠣᠯᠭᠠᠪᠠ᠃      ᠰᠠᠭᠤᠷᠢ ᠪᠠᠨ ᠪᠠᠬᠢᠵᠢᠭᠦᠯᠵᠣ ᠠᠵᠢᠯ ᠢᠶᠠᠨ ᠯᠠᠪᠳᠠᠭᠤᠨ ᠢᠶᠠᠷ ᠪᠠᠶᠠᠯᠠᠬᠦᠯᠬᠦ ᠶᠢ ᠠᠬᠢᠭᠤᠯᠪᠠ      ᠵᠢᠷᠭᠠᠯᠠᠩᠳᠣ ᠵᠠᠮ ᠤᠨ ᠵᠡᠭᠡᠯᠢ ᠭᠤᠳᠤᠮᠵᠢ ᠳᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠨᠡᠶᠢᠭᠡᠮ ᠲᠣᠭᠤᠷᠢᠭ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠥᠷᠲᠡᠭᠡ ᠪᠠᠶᠢᠭᠤᠯᠣᠨ᠂ ᠲᠣᠣᠷᠵᠢᠯᠳᠠ ᠶᠢᠨ ᠬᠠᠷᠢᠯᠴᠠᠬᠤ ᠴᠡᠭ ᠪᠠᠶᠢᠭᠤᠯᠵᠤ᠂ ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠠᠨ ᠪᠠᠬᠢᠵᠢᠭᠦᠯᠪᠠ᠃ ᠲᠣᠭᠲᠠᠭᠰᠠᠨ ᠬᠤᠭᠤᠴᠠᠭ᠎ᠠ ᠲᠠᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠳᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠣᠯᠳᠠ ᠶᠢᠨ ᠠᠵᠢᠯ ᠳᠤ ︽ᠴᠠᠭ ᠤᠨ ᠬᠦᠰᠦᠨᠦᠭᠲᠦ︾᠂ ︽ᠵᠠᠮ ᠱᠤᠭᠤᠮ ᠤᠨ ᠵᠢᠷᠤᠭ︾᠎ ᠢ ᠲᠣᠭᠳᠠᠭᠠᠪᠠ᠃ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠣᠭᠤᠳᠴᠤ᠂ ᠤᠳᠤᠷᠢᠳᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠵᠢᠷᠭᠠᠯᠠᠩᠳᠣ ᠵᠠᠮ ᠤᠨ ᠵᠡᠭᠡᠯᠢ ᠭᠤᠳᠤᠮᠵᠢ ᠳᠤ ᠪᠠᠶᠢᠩᠭᠤᠵᠢᠭᠰᠠᠨ ᠵᠢᠯᠤᠭᠤᠳᠤᠯᠭ᠎ᠠ ᠂ ᠤᠨᠢᠨ ᠳᠡᠭᠡᠷ᠎ᠡ ᠨᠢ ᠱᠠᠯᠠᠪᠳᠠᠭᠤᠯᠤᠨ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠤᠨ ᠡᠭᠦᠳᠦᠨ ᠪᠠᠶᠢᠭᠤᠯᠣᠯᠳᠠ ᠶᠢᠨ ᠠᠵᠢᠯ ᠤᠨ ᠵᠢᠷᠤᠮᠵᠢᠯ ᠲᠠᠢ ᠥᠷᠨᠢᠬᠦᠯᠭᠦ ᠶᠢ ᠪᠠᠳᠣᠯᠠᠪᠠ᠃ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠᠷ ᠳᠠᠮᠵᠢᠭᠤᠯᠤᠨ᠂ ᠣᠯᠠᠨ ᠲᠦᠮᠡᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠲᠡᠭᠡᠭᠰᠢᠯᠡᠭᠦᠪᠡ᠃      ᠤᠬᠠᠭᠤᠯᠭ᠎ᠠ ᠪᠠᠨ ᠴᠢᠩᠭᠠᠳᠬᠠᠵᠣ ᠦᠵᠡᠯ ᠰᠠᠨᠠᠭᠠᠨ ᠪᠠᠷ ᠬᠥᠲᠥᠯᠥᠨ ᠵᠢᠯᠣᠭᠤᠳᠬᠤ ᠲᠠᠪᠴᠠᠩ ᠢ ᠪᠠᠶᠢᠭᠤᠯᠪᠠ      ᠵᠢᠷᠭᠠᠯᠠᠩᠳᠣ ᠵᠠᠮ ᠤᠨ ᠵᠡᠭᠡᠯᠢ ᠭᠤᠳᠤᠮᠵᠢ ᠨᠢ ︽ᠳᠥᠷᠪᠡᠨ ᠨᠢᠭᠡ︾᠎ ᠶᠢᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠬᠦᠯᠪᠠ᠃ ︽ᠠᠴᠢ ᠶᠢ ᠬᠠᠷᠢᠭᠤᠯᠤᠨ ᠡᠷᠡᠯᠬᠡᠭᠯᠡᠨ ᠤᠷᠤᠭᠰᠢᠯᠠᠵᠤ ᠨᠠᠮ ᠢᠶᠠᠨ ᠳᠠᠭᠠᠬᠤ︾ ᠭᠤᠣᠯ ᠰᠡᠳᠦᠪᠲᠦ ᠠᠵᠢᠯᠯᠠᠭ᠎ᠠ ᠶᠢ ᠣᠯᠠᠨ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠳᠦᠷᠢᠮ︾᠎ ᠢ ᠶᠡᠬᠡᠪᠡᠷ ᠤᠬᠠᠭᠤᠯᠪᠠ᠃ ᠠᠵᠠ ᠵᠢᠷᠭᠠᠯ ᠢᠶᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠤ ᠪᠦᠯᠬᠦᠮᠳᠡᠯ ᠢ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠦᠨᠳᠦᠰᠦᠲᠡᠨ ᠨᠦᠭᠦᠳ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠠᠭᠤᠷ ᠠᠮᠢᠰᠬᠤᠯ ᠢ ᠪᠤᠢ ᠪᠣᠯᠭᠠᠪᠠ᠃ ᠤᠬᠠᠭᠤᠯᠬᠤ ᠠᠩᠬᠢ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠨᠠᠮ ᠤᠨ ᠦᠨᠳᠦᠰᠦᠲᠡᠨ ᠤ ᠤᠨᠤᠯ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠤ ᠭᠡᠷ ᠤᠨ ᠡᠭᠦᠳᠡᠨ ᠳᠤ ᠬᠦᠷᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠰᠢᠨ᠎ᠡ ᠰᠣᠷᠭᠤᠭ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠠᠵᠢᠯᠯᠠᠭ᠎ᠠ ᠶᠢ ᠥᠷᠨᠢᠭᠦᠯᠵᠦ᠂ ᠡᠭᠦᠳᠦᠨ ᠪᠠᠶᠢᠭᠤᠯᠣᠯᠳᠠ ᠶᠢᠨ ᠠᠵᠢᠯ ᠤᠨ ᠭᠦᠨᠵᠡᠭᠡᠶᠢᠷᠡᠨ ᠥᠷᠨᠢᠬᠦᠯᠬᠦ ᠶᠢ ᠦᠨᠡᠨ ᠬᠦ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ︽ᠡᠭᠡᠯ ᠠᠷᠠᠳ ᠤᠨ ᠭᠡᠷ ᠲᠤ ᠬᠦᠷᠭᠡᠬᠦ ᠶᠢ ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠪᠠ᠃      ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠦᠨᠳᠦᠰᠦᠲᠡᠨ ᠤ ᠪᠦᠯᠬᠦᠮᠳᠡᠯ ᠤᠨ ᠠᠵᠢᠯᠯᠠᠭᠠᠨ ᠤ ᠠᠴᠢᠶᠠᠯᠠᠪᠤᠷᠢ ᠶᠢ ᠪᠠᠶᠢᠭᠤᠯᠪᠠ      ᠵᠢᠷᠭᠠᠯᠠᠩᠳᠣ ᠵᠠᠮ ᠤᠨ ᠵᠡᠭᠡᠯᠢ ᠭᠤᠳᠤᠮᠵᠢ ᠨᠢ ᠰᠣᠶᠣᠯ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ  ᠪᠠᠶᠢᠭᠤᠯᠣᠯᠳᠠ ᠶᠢᠨ ᠠᠵᠢᠯᠯᠠᠭ᠎ᠠ ᠶᠢᠨ ᠲᠥᠪ ᠢ ᠪᠠᠶᠢᠭᠤᠯᠵᠤ᠂ ᠡᠯ᠎ᠡ ᠦᠨᠳᠦᠰᠦᠲᠡᠨ ᠤ ᠰᠠᠭᠤᠭᠠᠯᠢ ᠠᠷᠠᠳ ᠲᠤ ᠵᠤᠭ᠎ᠠ ᠴᠡᠩᠭᠡᠯ᠂ ᠰᠤᠷᠤᠯᠴᠠᠬᠤ ᠲᠠᠯᠠᠪᠤᠷ ᠬᠠᠩᠭᠠᠪᠠ᠃ ᠦᠨᠳᠦᠰᠦᠲᠡᠨ ᠤ ᠪᠦᠯᠬᠦᠮᠳᠡᠯ ᠤᠨ ᠦᠯᠢᠭᠡᠷᠲᠦ ᠺᠢᠨᠣ᠋ ᠶᠢ ᠵᠣᠬᠢᠶᠠᠨ ᠪᠠᠶᠢᠭᠤᠯᠤᠨ ᠰᠣᠨᠢᠷᠬᠠᠵᠤ᠂ ᠨᠣᠮ ᠤᠩᠰᠢᠬᠤ ᠬᠤᠷᠠᠯ᠂ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠦᠨ᠂ ᠳᠣᠲᠣᠨᠣᠰᠤᠭ ᠪᠥᠭᠡᠳ ᠡᠶ᠎ᠡ ᠵᠣᠬᠢᠴᠠᠯ ᠲᠠᠢ ᠬᠥᠮᠦᠨ ᠨᠡᠶᠢᠭᠡᠮ ᠤᠨ ᠣᠷᠴᠢᠨ ᠠᠬᠤᠶ ᠶᠢ ᠪᠣᠶ ᠪᠣᠯᠭᠠᠪᠠ᠃ ᠵᠡᠭᠡᠯᠢ ᠭᠤᠳᠤᠮᠵᠢ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠲᠦᠰᠢᠭ ᠪᠣᠯᠭᠠᠬᠤ ᠶᠢ ᠪᠠᠷᠢᠮᠲᠠᠯᠠᠵᠤ᠂ ᠵᠢᠷᠭᠠᠯᠠᠩᠳᠣ ᠵᠠᠮ ᠤᠨ ᠵᠡᠭᠡᠯᠢ ᠭᠤᠳᠤᠮᠵᠢ ᠶᠢᠨ ᠰᠠᠶᠢᠨ ᠨᠡᠶᠢᠭᠡᠮ ᠲᠣᠭᠤᠷᠢᠭ ᠲᠤ ︽ᠤᠯᠠᠭᠠᠨ ᠠᠨᠠᠷ ᠤᠨ ᠠᠭᠤᠳᠠᠮ ᠲᠠᠯᠠᠪᠠᠢ︾᠎ ᠶᠢ ᠪᠠᠶᠢᠭᠤᠯᠵᠤ᠂ ᠲᠡᠭᠦᠨ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠭᠠᠪᠠ᠃ ᠵᠢᠷᠭᠠᠯᠠᠩᠳᠣ ᠵᠠᠮ ᠤᠨ ᠵᠡᠭᠡᠯᠢ ᠭᠤᠳᠤᠮᠵᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢᠨ ᠳᠡᠰ ᠲᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠣᠯᠳᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠲᠤᠯᠤᠭᠠᠨ ᠰᠢᠨ᠎ᠡ ᠴᠢᠩᠱᠠᠨ︾᠎ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号