ᠬᠥᠳᠡᠭᠡ ᠲᠣᠰᠬᠤᠨ ᠳᠤ ᠡᠮ ᠡᠮᠴᠢᠯᠡᠭᠡ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/7
      ᠣᠶᠢᠷ᠎ᠠ ᠶᠢᠨ ᠬᠤᠭᠤᠴᠠᠭᠠᠨ ᠳᠤ᠂ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠴᠢᠩ ᠹᠦ᠋ ᠪᠠᠯᠭᠠᠰᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠮᠲᠤ ᠪᠠᠷ ︽ᠬᠥᠳᠡᠭᠡ ᠲᠣᠰᠬᠤᠨ ᠳᠤ ᠡᠮ ᠡᠮᠨᠡᠯᠭᠡ ᠬᠦᠷᠭᠡᠵᠦ᠂ ᠡᠷᠡᠭᠦᠯ ᠡᠩᠬᠡ ᠵᠣᠯ ᠵᠢᠷᠭᠠᠯ ᠢᠶᠠᠷ ᠬᠥᠭᠵᠢᠯ ᠮᠠᠨᠳᠤᠯ ᠢ ᠲᠤᠰᠠᠯᠠᠬᠤ︾ ᠠᠵᠢᠯᠯᠠᠭ᠎ᠠ ᠶᠢ ᠦᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 40 ᠰᠠᠭᠤᠭᠠᠯᠢ ᠠᠷᠠᠳ ᠲᠤ 11000 ᠲᠥᠭᠦᠷᠢᠭ ᠤᠨ ᠥᠷᠲᠡᠭ ᠪᠦᠬᠦᠢ ᠡᠮ ᠤᠨ ᠵᠦᠢᠯ ᠢ ᠲᠦᠭᠡᠭᠡᠨ ᠦᠭᠴᠦ᠂ ᠡᠭᠦᠨ ᠤ ᠵᠡᠷᠭᠡ ᠳᠤ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ ᠪᠠ ᠬᠠᠶᠢᠷ᠎ᠠ ᠬᠠᠯᠠᠮᠵᠢ ᠶᠢᠨ ᠡᠮ ᠤᠨ ᠪᠣᠭᠤᠳᠠᠯ ᠲᠠᠷᠬᠠᠭᠠᠭᠰᠠᠨ ᠪᠥᠭᠡᠳ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠭᠠᠷᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号