ᠴᠢᠩᠱᠠᠨ ᠲᠤᠭᠤᠷᠢᠭ ᠪᠦᠬᠦ ᠬᠦᠴᠦᠨ ᠢᠶᠠᠷ ᠢᠶᠠᠨ《ᠠᠷᠠᠯᠵᠢᠶᠠᠴᠢᠨ ᠤᠷᠢᠬᠤ ᠢᠵᠢᠯ ᠲᠦᠪᠳᠦ ᠲᠤᠭᠤᠷᠢᠭ》 ᠢ ᠬᠠᠮᠳᠤᠪᠠᠷ ᠵᠢᠷᠤᠭᠯᠠᠵᠠᠢ
ᠨᠡᠶᠢᠲᠡᠯᠡᠭᠰᠡᠨ ᠴᠠᠭ᠄
2023/2/10
      2023 ᠤᠨ ᠤ ᠴᠠᠭᠠᠨ ᠰᠠᠷ᠎ᠠ ᠶᠢᠨ ᠲᠠᠷᠠᠭᠠᠬᠢ ᠠᠩᠬᠠᠨ ᠤ ᠠᠵᠢᠯ ᠤᠨ ᠡᠳᠦᠷ ᠲᠤ᠂ ᠦᠪᠡᠷᠳᠡᠭᠡᠨ ᠵᠠᠰᠠᠬᠤ ᠤᠷᠤᠨ ᠪᠤᠭᠤᠳᠤ ᠬᠤᠳᠠ ᠲᠠᠢ ᠬᠠᠮᠳᠤᠷᠠᠯᠴᠠᠨ《 ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ》ᠲᠠᠶᠢᠴᠢᠯᠠᠯᠳᠠ ᠶᠢᠨ ᠶᠡᠭᠡ ᠬᠤᠷᠠᠯ ᠢ ᠬᠤᠷᠠᠯᠳᠤᠭᠤᠯᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠪᠠ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ《 ᠪᠠᠶᠢᠬᠤ ᠰᠠᠭᠤᠷᠢᠨ ᠳᠤᠨᠢ ᠰᠢᠨᠡᠳᠬᠡᠭᠦ》《ᠪᠠᠶᠢᠬᠤ ᠦᠭᠡᠢ ᠠᠴᠠ ᠨᠢ ᠪᠠᠶᠢᠬᠤ ᠪᠤᠯᠭᠠᠬᠤ》ᠬᠡᠭᠦ ᠰᠢᠨ᠎ᠡ ᠱᠠᠭᠠᠷᠳᠠᠯᠭ᠎ᠠ ᠲᠤᠷᠠᠳᠪᠠ᠃
微信图片_20230210110449.jpg
           ᠬᠤᠳᠠ ᠶᠢᠨ ᠲᠡᠰ ᠤᠨ ᠬᠤᠷᠠᠯ ᠬᠤᠷᠠᠯᠳᠤᠭᠤᠯᠤᠭᠰᠠᠨ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠤᠭᠤᠷᠢᠭ ᠱᠠᠯᠠᠪᠳᠠᠨ ᠪᠤᠰᠢᠭᠤᠯᠠᠵᠤ ᠲᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ᠂ ᠲᠡᠳ᠋ ᠰᠠᠯᠠᠭᠠᠨ ᠲᠡᠰ ᠠᠴᠠ ᠲᠡᠭᠡᠭᠰᠢᠬᠢ ᠺᠠᠳ᠋ᠷᠴᠤᠳ ᠲᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠵᠢᠴᠢ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠪᠦᠬᠦ ᠵᠢᠯ ‍ᠦᠨ‌ᠠᠷᠠᠯᠵᠢᠶᠠᠴᠢᠨ ᠤᠷᠢᠵᠤ ᠪᠡᠯᠡ ᠤᠷᠤᠭᠤᠯᠬᠤ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠲᠤᠭᠤᠷᠢᠭ ᠤᠨ ᠺᠠᠳ᠋ᠷᠴᠤᠳ ᠢ ᠠᠷᠠᠯᠵᠢᠶᠠᠴᠢᠨ ᠤᠷᠢᠬᠤ《 ᠪᠠᠶᠢᠯᠳᠤᠭᠴᠢ》ᠪᠤᠯᠭᠠᠬᠤ ᠪᠠᠷ ᠲᠠᠶᠢᠴᠢᠯᠠᠵᠠᠢ᠃ ᠠᠷᠠᠯᠵᠢᠶᠠᠴᠢᠨ ᠤᠷᠢᠬᠤ ᠡᠯ᠎ᠡ ᠤᠳᠤᠷᠢᠳᠬᠤ  ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠠᠷᠠᠯᠵᠢᠶᠠᠴᠢᠨ ᠤᠷᠢᠬᠤ ᠴᠢᠭᠯᠡᠯ ᠢ ᠴᠠᠭ ᠲᠤᠬᠠᠢ ᠳᠤᠨᠢ ᠲᠤᠬᠢᠷᠠᠭᠤᠯᠵᠤ᠂ ᠪᠦᠬᠦ ᠲᠤᠭᠤᠷᠢᠭ ᠢ ᠲᠡᠦᠭᠡ ᠶᠢᠨ ᠬᠠᠮᠤᠭ ᠦᠨᠳᠦᠷ ᠲᠦᠪᠰᠢᠨ ᠳᠤ ᠬᠦᠷᠭᠡᠬᠦ ᠡᠷᠴᠢ ᠵᠤᠷᠢᠭ ᠢ ᠬᠦᠪᠴᠢᠯᠡᠭᠦᠯᠵᠦ᠂ ᠡᠬᠢᠯᠡᠩᠭᠦᠲᠡ ᠪᠠᠨ ᠰᠢᠪᠳᠤᠯᠤᠨ ᠲᠡᠮᠡᠴᠡᠬᠦ ᠵᠤᠷᠢᠭ ᠢᠶᠠᠷ ᠡᠯ᠎ᠡ ᠲᠠᠯ᠎ᠠ ᠶᠢᠨ ᠠᠵᠢᠯ ᠰᠢᠨ᠎ᠡ ᠰᠢᠪᠳᠤᠯᠤᠯᠳᠠ ᠲᠠᠢ ᠪᠤᠯᠬᠤ ᠶᠢ ᠲᠦᠯᠬᠢᠨ ᠠᠬᠢᠭᠤᠯᠵᠠᠢ᠃
微信图片_20230210110440.jpg
           ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠤᠭᠰᠠᠨ ᠠᠴᠠ ᠨᠠᠰᠢᠬᠢ ᠤᠬᠤᠷᠬᠠᠨ 10 ᠡᠳᠦᠷ ᠤᠨ ᠲᠤᠳᠤᠷ᠎ᠠ᠂ ᠪᠦᠬᠦ ᠲᠤᠭᠤᠷᠢᠭ ᠢᠶᠠᠷ ᠢᠶᠠᠨ ᠡᠷᠴᠢ ᠵᠤᠷᠢᠭ ᠢᠶᠠᠨ ᠬᠦᠪᠴᠢᠯᠡᠵᠦ᠂ ᠬᠦᠪᠴᠢ ᠪᠠᠨ ᠲᠦᠭᠦᠷᠭᠡᠵᠦ᠂ ᠬᠠᠮᠤᠭ ᠶᠡᠭᠡ ᠴᠢᠷᠮᠠᠶᠢᠯᠭ᠎ᠠ ᠪᠠᠷ ᠢᠶᠠᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠠᠮᠤᠭ ᠰᠠᠶᠢᠨ ᠦᠷ᠎ᠡ ᠳ᠋ᠦᠩ ᠢ ᠤᠯᠵᠠᠢ᠃ ᠲᠦᠷᠪᠡᠨ ᠢᠵᠢ ᠤᠳᠤᠷᠢᠳᠬᠤ ᠪᠠᠭ ᠤᠨ ᠤᠳᠤᠷᠢᠳᠤᠯᠭ᠎ᠠ ᠪᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ 13  ᠪᠠᠭ᠎ᠠ ᠲᠤᠭᠤᠶᠢᠯᠠᠩ ᠬᠤᠶᠢᠨ᠎ᠠ ᠬᠤᠶᠢᠨ᠎ᠠ ᠠᠴᠠ ᠬᠦᠳᠡᠯᠦᠯᠴᠡᠵᠦ᠂ 8 ᠤᠳᠠᠭ᠎ᠠ  ᠭᠠᠳᠠᠭᠰᠢ ᠭᠠᠷᠴᠤ ᠰᠤᠷᠪᠤᠯᠵᠢᠯᠠᠵᠤ᠂ ᠪᠡᠭᠡᠵᠢᠩ᠂ ᠱᠠᠩᠬᠠᠢ᠂ ᠲᠢᠶᠠᠨᠵᠢᠨ᠂ ᠺᠦᠨᠱᠠᠨ᠂ ᠰᠦᠵᠸᠦ᠂ ᠵᠧᠩᠵᠸᠤ ᠵᠡᠷᠭᠡ ᠮᠤᠵᠢ ᠬᠤᠳᠠ ᠶᠢᠨ 41 ᠠᠵᠤ ᠠᠬᠤᠶᠢᠯᠠᠯ ᠲᠠᠢ ᠵᠤᠯᠭᠠᠭᠤᠯᠵᠤ᠂ ᠬᠠᠷᠠᠭᠠᠨ ᠲᠠᠪᠳᠠᠮᠵᠢ ᠶᠢᠨ ᠬᠡᠯᠪᠡᠷᠢ ᠪᠠᠷ 3 ᠠᠵᠤ ᠠᠬᠤᠶᠢᠯᠠᠯ ᠲᠠᠢ ᠠᠭᠤᠯᠵᠠᠵᠤ᠂ ᠪᠤᠭᠤᠳᠤ ᠳᠤ ᠰᠤᠷᠤᠯᠴᠠᠨ ᠤᠶᠢᠯᠠᠭᠠᠬᠤ ᠪᠠᠷ ᠢᠷᠡᠭᠰᠡᠨ 12 ᠠᠵᠤ ᠠᠬᠤᠶᠢᠯᠠᠯ ᠢ ᠬᠦᠯᠢᠶᠠᠨ ᠠᠭᠤᠯᠵᠠᠵᠠᠢ᠃
微信图片_20230210110414.jpg
           ᠲᠠᠷᠠᠭᠠᠴᠢ ᠶᠢᠨ ᠠᠯᠬᠤᠮ᠂ ᠴᠢᠩᠱᠠᠨ ᠲᠤᠭᠤᠷᠢᠭ《ᠠᠷᠠᠯᠵᠢᠶᠠᠴᠢᠨ ᠤᠷᠢᠬᠤ ᠶᠢ ᠠᠳᠬᠤᠬᠤ ᠪᠣᠯ ᠬᠦᠭᠵᠢᠯᠳᠡ ᠶᠢ ᠠᠳᠬᠤᠵᠤ ᠪᠠᠶᠢᠭ᠎ᠠ ᠶᠠᠪᠤᠳᠠᠯ᠂ ᠲᠦᠷᠦᠯ ᠵᠦᠢᠯ ᠢ ᠡᠷᠢᠯᠬᠢᠯᠡᠨ ᠬᠠᠶᠢᠬᠤ ᠨᠢ ᠲᠠᠷᠤᠢ ᠢᠷᠡᠭᠡᠳᠦᠢ ᠶᠢ ᠡᠷᠢᠯᠬᠢᠯᠡᠨ ᠬᠠᠶᠢᠵᠤ ᠪᠠᠶᠢᠭ᠎ᠠ ᠶᠠᠪᠤᠳᠠᠯ》ᠬᠡᠭᠦ ᠤᠶᠢᠯᠠᠭᠠᠭᠳᠠᠬᠤᠨ ᠢ ᠦᠷᠭᠦᠯᠵᠢᠯᠡᠨ ᠪᠠᠷᠢᠮᠳᠠᠯᠠᠵᠤ᠂《ᠬᠤᠶᠠᠷ ᠰᠢᠨ᠎ᠡ》ᠬᠡᠭᠦ ᠤᠳᠤᠷᠢᠳᠤᠮᠵᠢ ᠪᠠᠷ ᠤᠳᠤᠷᠢᠳᠤᠨ ᠲᠠᠭᠠᠭᠤᠯᠵᠤ᠂ ᠠᠷᠠᠯᠵᠢᠶᠠᠴᠢᠨ ᠤᠷᠢᠬᠤ ᠬᠦᠴᠦᠯᠡᠴᠡ ᠪᠠᠨ ᠲᠠᠰᠤᠷᠠᠯᠳᠠ ᠦᠭᠡᠢ ᠴᠢᠩᠭᠠᠳᠬᠠᠨ᠂ ᠠᠷᠠᠯᠵᠢᠶᠠᠴᠢᠨ ᠤᠷᠢᠬᠤ ᠬᠠᠯᠠᠭᠤᠨ ᠴᠡᠭ ᠢ ᠬᠦᠭᠵᠢᠭᠡᠵᠦ᠂ ᠠᠷᠠᠯᠵᠢᠶᠠᠴᠢᠨ ᠤᠷᠢᠬᠤ ᠠᠷᠭ᠎ᠠ ᠪᠠᠷᠢᠯ ᠢᠶᠠᠨ ᠰᠢᠨᠡᠳᠬᠡᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠠᠯ᠎ᠠ ᠳᠤ ᠰᠢᠨ᠎ᠡ ᠰᠢᠪᠳᠤᠯᠤᠯᠳᠠ ᠲᠠᠢ ᠪᠤᠯᠬᠤ ᠶᠢ ᠠᠬᠢᠭᠤᠯᠤᠨ᠎ᠠ᠃                                                ᠤᠷᠴᠢᠭᠤᠯᠤᠭᠴᠢ᠄ ᠠᠯᠢᠮ᠎ᠠ                                                ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号