《ᠭᠡᠷ ᠲᠤᠨᠢ ᠬᠦᠷᠴᠦ ᠭᠠᠷ ᠬᠦᠢᠴᠡᠳᠭᠡᠯ ᠬᠢᠭᠦ》《 ᠲᠠᠨ ᠳᠤ ᠭᠠᠷ ᠬᠦᠢᠴᠡᠳᠭᠡᠯ  ᠤᠨ ᠦᠢᠯᠡᠴᠢᠯᠡᠭᠡ ᠬᠠᠩᠭᠠᠬᠤ》ᠭᠡᠵᠦ ᠴᠢᠩᠱᠠᠨ ᠲᠤᠭᠤᠷᠢᠭ ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠬᠢᠨ ᠲᠡᠰ ᠲᠡᠪᠰᠢᠭᠦᠯᠪᠡ
ᠨᠡᠶᠢᠲᠡᠯᠡᠭᠰᠡᠨ ᠴᠠᠭ᠄
2023/2/10
      ᠤᠯᠠᠨ ᠲᠦᠮᠡᠨ ᠤ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠶᠠᠪᠤᠴᠠ ᠳᠠᠬᠢ ᠡᠯ᠎ᠡ ᠵᠦᠢᠯ ᠤᠨ ᠠᠰᠠᠭᠤᠳᠠᠯ ᠢ ᠦᠨᠳᠦᠷ ᠪᠦᠳᠦᠮᠵᠢᠳᠡᠢ ᠰᠢᠢᠳᠪᠦᠷᠢᠯᠡᠵᠦ᠂ ᠦᠢᠯᠡᠴᠢᠯᠡᠭᠡ ᠶᠢ ᠨᠠᠷᠢᠨ ᠤᠨᠤᠴᠢᠳᠠᠢ ᠪᠤᠯᠭᠠᠬᠤ ᠶᠢ ᠲᠠᠰᠤᠷᠠᠯᠳᠠ ᠦᠭᠡᠢ ᠠᠬᠢᠭᠤᠯᠬᠤ ᠶᠢᠨ ᠲᠦᠯᠦᠭᠡ᠂ ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠡ ᠦᠢᠯᠡᠴᠢᠯᠡᠭᠡᠨ ᠤ ᠰᠡᠳᠬᠢᠴᠡ ᠪᠠᠨ ᠰᠢᠨᠡᠳᠬᠡᠵᠦ᠂《ᠲᠠᠪᠤ ᠶᠢ ᠠᠬᠢᠭᠤᠯᠬᠤ》ᠠᠵᠢᠯ ᠤᠨ ᠲᠦᠰᠦᠯ ᠳᠤ ᠰᠠᠭᠤᠷᠢᠯᠡᠨ᠂ ᠲᠤᠭᠤᠷᠢᠭ ᠤᠨ ᠲᠡᠰ ᠪᠠ ᠵᠡᠭᠡᠯᠢ ᠭᠤᠳᠤᠮᠵᠢ ᠶᠢᠨ ᠲᠡᠰ ᠤᠨ ᠬᠠᠪᠰᠤᠷᠤᠨ ᠬᠦᠢᠴᠡᠳᠭᠡᠬᠦ᠂ ᠤᠷᠤᠯᠠᠨ ᠬᠦᠢᠴᠡᠳᠭᠡᠬᠦ ᠠᠴᠠ ᠭᠠᠷᠳᠠᠵᠤ᠂ ᠬᠤᠶᠠᠷ ᠲᠠᠯ᠎ᠠ ᠶᠢ ᠵᠡᠷᠭᠡ ᠪᠠᠷ ᠠᠳᠬᠤᠵᠤ ᠠᠷᠠᠳ ᠲᠤ ᠠᠰᠢᠭ ᠬᠦᠷᠳᠡᠭᠡᠭᠦ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠭᠡᠬᠦ‌ᠠᠵᠢᠯ ᠢ ᠤᠤᠯ  ᠳᠠᠭᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠰᠠᠭᠤᠵᠤ ᠪᠠᠶᠢᠭᠠᠳ ᠬᠦᠯᠢᠶᠡᠬᠦ ᠠᠴᠠ《ᠭᠡᠷ ᠲᠤᠨᠢ ᠬᠦᠷᠴᠦ》ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠭᠡᠬᠦ ᠪᠤᠯᠭᠠᠵᠤ᠂ ᠦᠢᠯᠡᠴᠢᠯᠡᠭᠡ ᠶᠢ ᠤᠷᠢᠳᠴᠢᠯᠠᠭᠤᠯᠵᠤ᠂ ᠠᠷᠠᠳ ᠲᠤ ᠦᠢᠯᠡᠴᠢᠯᠡᠬᠦ《ᠬᠠᠮᠤᠭ ᠡᠴᠦᠰ ᠤᠨ ᠨᠢᠭᠡ ᠺᠢᠯᠦ᠋ᠮᠧᠲᠷ》 ᠢ ᠠᠯᠭᠤᠷ ᠢᠶᠠᠷ ᠰᠢᠯᠤᠭᠤᠳᠬᠠᠵᠤ᠂ ᠠᠵᠤ ᠠᠬᠤᠶᠢᠯᠠᠯ ᠪᠠ ᠤᠯᠠᠨ ᠲᠦᠮᠡᠨ ᠢ ᠭᠡᠷ ᠤᠨ ᠡᠭᠦᠳᠡᠨ  ᠳᠡᠭᠡᠨ ᠪᠠᠶᠢᠭᠠᠳ ᠴᠤ《ᠤᠴᠢᠷ ᠪᠦᠳᠦᠭᠡᠵᠦ ᠲᠡᠶᠢᠯᠭᠦ》ᠪᠤᠯᠭᠠᠵᠠᠢ᠃
微信图片_20230210111227.jpg
       ᠡᠨᠡ ᠵᠢᠯ ᠠᠴᠠ ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠭᠡᠬᠦ ᠦᠢᠯᠡᠴᠢᠯᠡᠭᠡ ᠶᠢ ᠲᠠᠬᠢᠨ ᠲᠡᠰ ᠲᠠᠪᠰᠢᠭᠦᠯᠵᠦ᠂ ᠤᠤᠯ ᠤᠨ ᠦᠢᠯᠡᠴᠢᠯᠡᠭᠡᠨ ᠤ ᠰᠠᠭᠤᠷᠢᠨ ᠲᠡᠭᠡᠷ᠎ᠡ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠦᠷᠭᠡᠳᠭᠡᠵᠦ᠂ ᠤᠯᠠᠨ ᠲᠦᠮᠡᠨ ᠤ ᠲᠤᠮᠳᠠ ᠤᠴᠢᠵᠤ᠂ ᠤᠨᠴᠠᠭᠠᠢ ᠪᠦᠯᠦᠭᠳᠡᠳ ᠲᠤ ᠵᠤᠷᠢᠭᠤᠯᠤᠭᠰᠠᠨ ᠲᠦᠳᠡ ᠵᠠᠮ ᠤᠨ ᠦᠢᠯᠡᠴᠢᠯᠡᠭᠡᠨ ᠤ ᠴᠤᠩᠬᠤᠪᠴᠢ ᠳᠤ ᠰᠠᠭᠤᠷᠢᠯᠠᠨ᠂ ᠲᠤᠳᠤᠭᠠᠳᠤ ᠶᠢ ᠬᠠᠮᠠᠭᠠᠯᠠᠬᠤ᠂ ᠡᠮ ᠡᠮᠨᠡᠯᠭᠡ ᠶᠢᠨ ᠪᠠᠳᠤᠯᠠᠭ᠎ᠠ᠂ ᠵᠡᠮᠳᠡᠭᠴᠦᠳ ᠤᠨ ᠬᠤᠯᠪᠤᠭ᠎ᠠ ᠵᠡᠷᠭᠡ ᠤᠯᠠᠨ ᠪᠠᠶᠢᠭᠤᠯᠭ᠎ᠠ ᠳᠤ ᠬᠤᠯᠪᠤᠭᠳᠠᠭᠰᠠᠨ《ᠭᠡᠷ ᠲᠤᠨᠢ ᠬᠦᠷᠴᠦ ᠦᠢᠯᠡᠴᠢᠯᠡᠬᠦ》ᠶᠠᠪᠤᠳᠠᠯ ᠤᠳ ᠢ ᠡᠮᠬᠢᠯᠡᠨ ᠲᠠᠩᠰᠠᠯᠠᠵᠤ᠂ ᠶᠡᠷᠦᠩᠭᠡᠶᠢᠯᠡᠭᠰᠡᠨ ᠴᠤᠩᠬᠤᠪᠴᠢ ᠶᠢᠨ ᠵᠠᠰᠠᠭ ᠵᠠᠬᠢᠷᠭᠠᠨ ᠤ ᠶᠠᠪᠤᠳᠠᠯ  ᠤᠨ ᠠᠵᠢᠯᠳᠠᠳ ᠢᠶᠠᠷ ᠭᠤᠤᠯᠯᠠᠭᠰᠠᠨ᠂ ᠠᠵᠢᠯ ᠲᠦᠷᠦᠯ ᠪᠠᠶᠢᠭᠤᠯᠭ᠎ᠠ ᠨᠢᠭᠡᠴᠡ ᠶᠢᠨ ᠠᠵᠢᠯᠳᠠᠳ ᠢᠶᠠᠷ ᠲᠤᠰᠠᠯᠠᠮᠵᠢ ᠪᠤᠯᠭᠠᠭᠰᠠᠨ ᠠᠷᠠᠳ ᠲᠤ ᠠᠰᠢᠭ ᠬᠦᠷᠳᠡᠭᠡᠭᠦ ᠬᠠᠪᠰᠤᠷᠤᠯᠭ᠎ᠠ ᠶᠢᠨ ᠠᠩᠭᠢ ᠪᠠᠶᠢᠭᠤᠯᠵᠤ᠂ ᠬᠦᠭᠰᠢᠨ᠂ ᠪᠠᠭᠤᠷᠠᠢ᠂ ᠡᠪᠡᠳᠴᠢᠨᠳᠡᠨ᠂ ᠵᠢᠷᠮᠦᠰᠦᠯᠡᠭᠰᠡᠨ᠂ ᠵᠡᠮᠳᠡᠭᠴᠦᠳ ᠵᠡᠷᠭᠡ ᠤᠨᠴᠠᠭᠠᠢ ᠪᠦᠯᠦᠭᠳᠡᠳ ᠤᠨ ᠭᠡᠷ ᠲᠤᠨᠢ ᠬᠦᠷᠴᠦ《ᠨᠢᠭᠡᠳ ᠨᠢᠭᠡ ᠪᠠᠷ》《 ᠨᠢᠭᠤᠷᠳᠠᠨ ᠠᠭᠤᠯᠵᠠᠬᠤ》ᠬᠡᠯᠪᠡᠷᠢ ᠪᠠᠷ ᠦᠢᠯᠡᠴᠢᠯᠡᠭᠡ ᠬᠠᠩᠭᠠᠵᠠᠢ᠃ ᠡᠭᠦᠨ ᠤ ᠵᠡᠷᠭᠡ᠂ ᠨᠡᠶᠢᠭᠡᠮ ᠲᠤᠭᠤᠷᠢᠭ ᠲᠤ ᠰᠢᠨ᠎ᠡ ᠬᠡᠯᠪᠡᠷᠢ ᠶᠢᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠲᠦᠪ ︵ᠭᠠᠵᠠᠷ︶ ᠤᠨ ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠭᠡᠬᠦ ᠦᠢᠯᠡᠴᠢᠯᠡᠭᠡᠨ ᠤ ᠴᠡᠭ ᠪᠠᠶᠢᠭᠤᠯᠵᠤ᠂ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠠᠵᠢᠯᠳᠠᠳ ᠤᠨ ᠰᠠᠭᠤᠭᠠᠯᠢ ᠠᠷᠠᠳ ᠤᠨ ᠪᠠᠶᠢᠳᠠᠯ ᠢ ᠤᠶᠢᠯᠠᠭᠠᠬᠤ ᠲᠠᠪᠠᠭᠤᠯᠢᠭ ᠢ ᠠᠰᠢᠭᠯᠠᠨ᠂ ᠲᠤᠤᠷᠵᠢᠭᠤᠯᠤᠯᠳᠠ ᠶᠢᠨ ᠠᠵᠢᠯᠳᠠᠳ ᠢᠶᠠᠷ ᠭᠤᠤᠯ ᠴᠤᠭᠴᠠ ᠪᠤᠯᠭᠠᠭᠰᠠᠨ᠂ ᠭᠡᠷ ᠪᠦᠯᠢ ᠶᠢᠨ ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠭᠡᠬᠦ ᠦᠢᠯᠡᠴᠢᠯᠡᠭᠡᠨ ᠤ ᠠᠩᠭᠢ ᠪᠠᠶᠢᠭᠤᠯᠵᠤ᠂ ᠬᠦᠳᠡᠯᠵᠦ ᠪᠠᠷᠢᠬᠤ ᠳᠤ ᠲᠦᠭᠦᠮ ᠦᠭᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠬᠤᠯᠠᠳᠠᠢ ᠰᠠᠭᠤᠭᠠᠯᠢ ᠠᠷᠠᠳ ᠲᠤ ᠤᠷᠢᠳᠴᠢᠯᠠᠨ ᠪᠤᠯᠵᠤᠬᠤ ᠬᠡᠯᠪᠡᠷᠢ ᠪᠠᠷ ᠭᠡᠷ ᠲᠤᠨᠢ ᠬᠦᠷᠴᠦ ᠲᠦᠯᠦᠪᠦᠷᠢ ᠦᠭᠡᠢ ᠦᠢᠯᠡᠴᠢᠯᠡᠭᠡ ᠬᠠᠩᠭᠠᠬᠤ᠂ ᠤᠨᠤᠴᠢᠳᠠᠢ ᠪᠠᠷ ᠲᠡᠮᠵᠢᠯᠡᠭᠡ ᠦᠵᠡᠭᠦᠯᠬᠦ ᠪᠠᠷ ᠲᠠᠮᠵᠢᠨ᠂ ᠰᠠᠭᠤᠷᠢ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠦᠮᠦᠨᠴᠢ ᠴᠢᠨᠠᠷ᠂ ᠲᠦᠭᠦᠮ ᠲᠦᠳᠡ ᠴᠢᠨᠠᠷ᠂ ᠨᠠᠰᠤᠳᠠᠶᠢᠴᠤᠳ ᠲᠤ ᠠᠰᠢᠭᠳᠠᠢ ᠪᠠᠶᠢᠬᠤ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠡᠢ᠃
微信图片_20230210111222.jpg
                                                     ᠤᠷᠴᠢᠭᠤᠯᠤᠭᠴᠢ᠄ ᠠᠯᠢᠮ᠎ᠠ                                                     ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号