ᠴᠢᠩᠱᠠᠨ ᠲᠤᠭᠤᠷᠢᠭ 500 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠵᠢᠵᠢᠭ ᠰᠠᠪᠠ ᠭᠠᠵᠠᠷ ᠢᠶᠠᠷ | ᠨᠢᠭᠡᠴᠡ ᠪᠤᠯᠭᠠᠨ᠂ ᠢᠨᠵᠧᠨᠧᠷᠢᠩ ᠤᠨ ᠠᠷᠭ᠎ᠠ ᠬᠡᠮᠵᠢᠶ᠎ᠡ ᠪᠠ ᠤᠷᠭᠤᠮᠠᠯ ᠤᠨ ᠠᠷᠭ᠎ᠠ ᠬᠡᠮᠵᠢᠶ᠎ᠡ ᠶᠢ ᠤᠶᠠᠯᠳᠤᠭᠤᠯᠬᠤ | ᠬᠡᠯᠪᠡᠷᠢ ᠪᠠᠷ᠂ ᠬᠦᠷᠦᠰᠤ ᠰᠢᠷᠤᠢ ᠶᠢᠨ ᠢᠳᠡᠭᠳᠡᠯ ᠢ ᠶᠡᠷᠦᠩᠭᠡᠶᠢᠯᠡᠨ ᠵᠠᠰᠠᠬᠤ ᠰᠢᠰᠲ᠋ᠧᠮ ᠢ ᠪᠠᠶᠢᠭᠤᠯᠤᠨ᠂ ᠲᠤᠬᠠᠢ ᠶᠢᠨ | ᠭᠠᠵᠠᠷ ᠤᠨ ᠦᠢᠯᠡᠳᠪᠦᠷᠢᠯᠡᠯ ᠤᠨ ᠨᠦᠬᠦᠴᠡᠯ ᠪᠠ ᠠᠮᠢ ᠠᠬᠤᠢ ᠶᠢᠨ ᠤᠷᠴᠢᠨ ᠲᠤᠭᠤᠷᠢᠨ ᠢ ᠦᠨᠳᠦᠰᠦᠨ ᠠᠴᠠ ᠨᠢ | ᠰᠠᠶᠢᠵᠢᠷᠠᠭᠤᠯᠵᠤ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠡᠢ᠃ | ᠲᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠠᠭᠤᠷᠬᠠᠢ ᠶᠢᠨ ᠤᠷᠴᠢᠨ ᠲᠤᠭᠤᠷᠢᠨ ᠳᠤ ᠵᠠᠰᠠᠯᠠᠭᠳᠠ ᠬᠢᠵᠤ᠂ | ᠠᠮᠢ ᠠᠬᠤᠢ ᠶᠢᠨ ᠰᠡᠷᠭᠦᠭᠡᠯᠳᠡ ᠶᠢ ᠡᠮᠬᠢ ᠵᠢᠷᠤᠮ ᠲᠠᠢ ᠦᠷᠨᠢᠭᠦᠯᠵᠦ᠂ ᠪᠤᠭᠤᠳᠤ ᠬᠤᠳᠠ ᠶᠢᠨ ᠬᠤᠶᠢᠳᠤ ᠬᠡᠰᠡᠭ ᠤᠨ | ᠴᠢᠬᠤᠯᠠ ᠨᠢᠭᠡᠨ ᠦᠵᠡᠰᠬᠦᠯᠡᠩᠳᠦ ᠠᠮᠢ ᠠᠬᠤᠢ ᠶᠢᠨ ᠨᠤᠭᠤᠭᠠᠨ ᠬᠠᠯᠬᠠᠪᠴᠢ ᠪᠤᠯᠭᠠᠵᠠᠢ᠃ 2012 ᠤᠨ ᠠᠴᠠ | ᠨᠠᠰᠢ᠂ ᠴᠢᠩᠱᠠᠨ ᠲᠤᠭᠤᠷᠢᠭ ᠤᠨ ᠬᠢᠨ《ᠵᠠᠰᠠᠭ ᠤᠨ ᠤᠷᠳᠤᠨ ᠠᠴᠠ ᠤᠳᠤᠷᠢᠨ ᠲᠠᠭᠠᠭᠤᠯᠬᠤ᠂ ᠨᠡᠶᠢᠭᠡᠮ | ᠲᠠᠶᠠᠭᠠᠷ ᠢᠶᠠᠨ ᠤᠷᠤᠯᠴᠠᠭᠰᠠᠨ᠂ ᠵᠠᠬ᠎ᠠ ᠲᠡᠯᠭᠡᠭᠦᠷ ᠢᠶᠠᠷ ᠠᠵᠢᠯᠯᠠᠭᠤᠯᠬᠤ᠂ ᠲᠤᠯᠤᠭᠠᠶᠢᠯᠠᠭᠴᠢ ᠪᠠᠷ ᠤᠳᠤᠷᠢᠳᠤᠨ | ᠲᠠᠭᠠᠭᠤᠯᠬᠤ》ᠵᠠᠷᠴᠢᠮ ᠢ ᠪᠠᠷᠢᠮᠳᠠᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠬᠦ 7 ᠠᠵᠤ | ᠠᠬᠤᠶᠢᠯᠠᠯ ᠢ ᠵᠠᠯᠭᠠᠭ᠎ᠠ ᠵᠠᠯᠭᠠᠭ᠎ᠠ ᠪᠠᠷ ᠤᠷᠤᠭᠤᠯᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ | ᠤᠷᠤᠯᠴᠠᠭᠤᠯᠤᠨ᠂ ᠠᠭᠤᠯᠠ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ᠂ ᠲᠠᠯ᠎ᠠ ᠭᠠᠵᠠᠷ᠂ ᠡᠯᠡᠰᠦᠨ ᠭᠠᠵᠠᠷ ᠤᠨ | ᠠᠮᠢ ᠠᠬᠤᠢ ᠶᠢᠨ ᠶᠡᠷᠦᠩᠬᠡᠢ ᠴᠤᠭᠴᠠ ᠶᠢ ᠬᠦᠴᠦᠯᠡᠨ ᠪᠠᠶᠢᠭᠤᠯᠵᠠᠢ᠃ 2022 ᠤᠨ᠂ ᠴᠢᠩᠱᠠᠨ ᠲᠤᠭᠤᠷᠢᠭ | 8000 ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠵᠤ ᠲᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ | ᠦᠵᠡᠭᠳᠡᠬᠦ ᠭᠡᠪᠴᠢᠶᠡᠨ ᠳᠠᠬᠢ ᠠᠭᠤᠷᠬᠠᠢ ᠶᠢᠨ ᠤᠷᠴᠢᠨ ᠲᠤᠭᠤᠷᠢᠨ ᠳᠤ ᠵᠠᠰᠠᠯᠠᠭᠳᠠ ᠬᠢᠭᠦ ᠵᠢᠴᠢ ᠠᠮᠢ ᠠᠬᠤᠢ ᠶᠢᠨ | ᠰᠡᠷᠭᠦᠭᠡᠯᠳᠡ ᠬᠢᠵᠤ᠂ ᠲᠡᠭᠦᠨ ᠢ ᠪᠤᠭᠤᠳᠤ ᠬᠤᠳᠠ ᠶᠢᠨ ᠠᠮᠢ ᠠᠬᠤᠢ ᠶᠢᠨ ᠪᠤᠯᠪᠠᠰᠤᠨ ᠤ ᠪᠦᠳᠦᠭᠡᠨ | ᠪᠠᠶᠢᠭᠤᠯᠤᠯᠳᠠ ᠶᠢᠨ ᠪᠠ ᠪᠤᠬᠢᠷᠳᠤᠯ ᠦᠭᠡᠢ ᠰᠤᠷᠭᠠᠨ ᠬᠦᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠤᠯᠭᠠᠵᠠᠢ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | |