ᠡᠨᠡ ᠵᠢᠯ ᠤᠨ ᠴᠠᠭᠠᠨ ᠰᠠᠷ᠎ᠠ ᠪᠣᠯ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠰᠢᠨ᠎ᠡ ᠱᠠᠳᠤᠨ ᠳᠤ ᠤᠷᠤᠭᠰᠠᠨ ᠤ ᠲᠠᠷᠠᠭᠠᠬᠢ ᠠᠩᠬᠠᠨ ᠤ ᠴᠠᠭᠠᠨ ᠰᠠᠷ᠎ᠠ ᠪᠤᠯᠤᠨ᠎ᠠ᠃ ᠴᠢᠩᠱᠠᠨ ᠲᠤᠭᠤᠷᠢᠭ ᠤᠨ | ᠡᠯ᠎ᠡ ᠲᠦᠷᠦᠯ ᠤᠨ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ ᠤ ᠠᠵᠤ ᠠᠬᠤᠶᠢᠯᠠᠯ ᠠᠵᠠ ᠲᠤᠬᠢᠶᠠᠯ ᠢ ᠠᠮᠵᠢᠨ᠂ | ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠬᠡᠷᠡᠭᠯᠡᠭᠡ ᠶᠢ ᠠᠬᠢᠭᠤᠯᠬᠤ ᠠᠯᠢ ᠤᠯᠠᠨ ᠬᠦᠳᠡᠯᠭᠡᠭᠡᠨ ᠢ ᠦᠷᠨᠢᠭᠦᠯᠵᠦ᠂ | ᠰᠢᠨ᠎ᠡ ᠵᠢᠯ ᠤᠨ ᠠᠭᠤᠷ ᠠᠮᠢᠰᠬᠤᠯ ᠢ ᠵᠤᠵᠠᠭᠠᠳᠬᠠᠨ᠂ ᠵᠠᠬ᠎ᠠ ᠲᠡᠯᠭᠡᠭᠦᠷ ᠢ ᠬᠦᠭᠵᠢᠶᠡᠨᠳᠡᠢ ᠪᠤᠯᠭᠠᠪᠠ᠃ | | | | | ᠪᠦᠷᠢᠳᠭᠡᠯ ᠢ ᠦᠨᠳᠦᠰᠦᠯᠡᠪᠡᠯ᠂ ᠴᠢᠩᠱᠠᠨ ᠲᠤᠭᠤᠷᠢᠭ ᠤᠨ ᠢᠳᠡᠭᠡᠨ ᠤᠮᠳᠠᠭᠠᠨ ᠤ 9 ᠭᠤᠤᠯᠳᠠᠯᠭᠠᠳᠤ ᠠᠵᠤ | ᠠᠬᠤᠶᠢᠯᠠᠯ ᠢ ᠬᠢᠨᠠᠨ ᠬᠡᠮᠵᠢᠭᠰᠡᠨ ᠢᠶᠠᠷ᠂ ᠴᠠᠭᠠᠨ ᠰᠠᠷ᠎ᠠ ᠶᠢᠨ ᠲᠤᠯᠤᠭᠠᠨ ᠡᠳᠦᠷ ᠲᠤ ᠨᠡᠶᠢᠲᠡ 496.14 ᠲᠦᠮᠡᠨ | ᠲᠦᠭᠦᠷᠢᠭ ᠤᠨ ᠡᠵᠡᠩᠨᠡᠯᠳᠡ ᠶᠢᠨ ᠤᠷᠤᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 39.63% ᠪᠠᠷ | ᠨᠡᠮᠡᠭᠳᠡᠪᠡ᠃ | | | | | | | | | | | ᠴᠢᠩᠱᠠᠨ ᠲᠤᠭᠤᠷᠢᠭ ᠤᠨ ᠡᠯ᠎ᠡ ᠲᠤᠮᠤ ᠬᠤᠳᠠᠯᠳᠤᠭᠠᠨ ᠤ ᠲᠤᠭᠤᠷᠢᠭ ᠲᠤ ᠬᠦᠮᠦᠨ ᠤ ᠤᠷᠤᠰᠬᠠᠯ ᠶᠡᠭᠡ | ᠪᠠᠶᠢᠵᠤ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠰᠦᠯᠵᠢᠶᠡᠨ ᠠᠴᠠ ᠭᠠᠳᠠᠨᠠᠭᠢ | ᠬᠡᠷᠡᠭᠯᠡᠭᠡ ᠲᠦᠷᠭᠡᠨ ᠢᠶᠠᠷ ᠰᠠᠶᠢᠵᠢᠷᠠᠵᠤ᠂ ᠭᠡᠷᠡᠭᠯᠡᠭᠴᠢᠳ ᠤᠨ ᠲᠤᠭ᠎ᠠ ᠬᠢᠵᠢᠭ ᠤᠨ ᠪᠠᠶᠢᠳᠠᠯ ᠠᠴᠠ ᠡᠮᠦᠨᠡᠭᠢ 90% | ᠳᠤ ᠲᠤᠯᠤᠭᠰᠠᠨ ᠪᠠᠶᠢᠨ᠎ᠠ᠃ ᠭᠤᠤᠯᠳᠠᠯᠭ᠎ᠠ ᠲᠠᠢ ᠬᠢᠨᠠᠨ ᠬᠡᠮᠵᠢᠭᠳᠡᠭᠰᠡᠨ 16 ᠠᠷᠠᠯᠵᠢᠶ᠎ᠠ ᠬᠤᠳᠠᠯᠳᠤᠭᠠᠨ ᠤ | ᠵᠠᠭᠪᠤᠷ ᠤᠨ ᠠᠵᠤ ᠠᠬᠤᠶᠢᠯᠠᠯ 4710.67 ᠲᠦᠮᠡᠨ ᠲᠦᠭᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠠᠴᠠ 20.17% ᠨᠡᠮᠡᠭᠳᠡᠪᠡ᠃ | | | | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | | |