ᠴᠢᠩᠱᠠᠨ ᠲᠣᠭᠤᠷᠢᠭ ᠤᠨ 2023 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠪᠦᠬᠦᠳᠡ ᠬᠤᠷᠠᠯ ︵ᠥᠷᠭᠡᠳᠬᠡᠭᠰᠡᠨ︶ ᠵᠢᠴᠢ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/22
      2 ᠰᠠᠷ᠎ᠠ ᠶᠢᠨ 19 ᠤ ᠡᠳᠦᠷ᠂ ᠴᠢᠩᠱᠠᠨ ᠲᠣᠭᠤᠷᠢᠭ ᠤᠨ ᠬᠢᠨ 2023 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠪᠦᠬᠦᠳᠠ ︵ᠥᠷᠭᠡᠳᠬᠡᠭᠰᠡᠨ︶ ᠬᠤᠷᠠᠯ ᠵᠢᠴᠢ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠤᠸ ᠶᠢᠨ ᠮᠢᠩ ᠬᠤᠷᠠᠯ ᠢ ᠡᠷᠭᠢᠯᠡᠵᠦ᠂ ᠲᠤᠭᠤᠷᠢᠭ ᠤᠨ ᠳᠥᠷᠪᠡᠨ ᠢᠵᠢ ᠪᠠᠭ ᠤᠨ ᠤᠳᠤᠷᠢᠳᠤᠯᠭ᠎ᠠ ᠵᠢᠴᠢ ᠲᠤᠭᠤᠷᠢᠭ ᠤᠨ ᠣᠶᠤᠨ ᠤ ᠪᠣᠯᠪᠠᠰᠤᠨ ᠤ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃     ᠬᠤᠷᠠᠯ  ᠳᠤ᠂ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠬᠤᠷᠠᠯ ᠠᠴᠠ ᠪᠠᠭᠤᠯᠭᠠᠭᠰᠠᠨ ᠬᠠᠮᠢᠶ᠎ᠠ ᠪᠦᠬᠦᠢ ᠪᠢᠴᠢᠭ  ᠮᠠᠲ᠋ᠧᠷᠢᠶᠠᠯ ᠢ ᠲᠠᠶᠢᠯᠪᠤᠷᠢᠯᠠᠵᠤ᠂ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠢᠩᠱᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠰᠢᠨᠵᠢᠯᠡᠬᠦ  ᠤᠬᠠᠭᠠᠨᠴᠢ ᠵᠠᠮ ᠤᠨ ᠵᠡᠭᠡᠯᠢ ᠭᠤᠳᠤᠮᠵᠢ᠂ ᠬᠤᠰᠢᠭᠤᠴᠢ ᠵᠠᠮ ᠤᠨ ᠵᠡᠭᠡᠯᠢ ᠭᠤᠳᠤᠮᠵᠢ᠂ ᠰᠢᠩ ᠱᠧᠩ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃ ᠬᠤᠷᠠᠯ ᠠᠴᠠ 2022 ᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ 2023 ᠣᠨ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠵᠠᠢ᠃     ᠬᠤᠷᠠᠯ ᠠᠴᠠ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠨᠢ ᠵᠠᠪᠠᠯ ᠰᠠᠶᠢᠨ ᠬᠠᠷᠢᠭᠤᠯᠬᠤ ᠴᠢᠬᠤᠯᠠ ᠲᠠᠢ ᠰᠡᠳᠦᠪ ᠪᠣᠯᠣᠨ᠎ᠠ᠃ ᠪᠦᠬᠦ ᠲᠤᠭᠤᠷᠢᠭ ᠢᠶᠠᠷ ᠢᠶᠠᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠬᠠᠮᠤᠭ ᠤᠨ ᠰᠠᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠵᠥᠭᠡᠯᠡᠨ ᠣᠷᠴᠢᠨ ᠲᠣᠭᠤᠷᠢᠨ︾ ᠢ ᠡᠭᠦᠳᠴᠦ᠂ ᠰᠡᠳᠬᠢᠯ ᠬᠠᠨᠤᠮᠵᠢᠲᠠᠢ᠂ ᠰᠠᠨᠠᠭ᠎ᠠ ᠠᠮᠤᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠦᠷᠦᠯ ᠲᠡᠮᠳᠡᠭ ᠢ ᠣᠯᠬᠤ ᠶᠢᠨ ᠴᠢᠬᠤᠯᠠ ᠠᠭᠤᠯᠭ᠎ᠠ᠂ ︽ᠲᠤᠯᠤᠭᠠᠨ ᠰᠢᠨ᠎ᠡ ᠴᠢᠩᠱᠠᠨ︾  ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ᠂ ᠪᠥᠬᠦ ᠲᠤᠭᠤᠷᠢᠭ ᠤᠨ 53 ᠲᠦᠮᠡᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠤᠨ ᠪᠣᠳᠠᠲᠤ ᠬᠡᠷᠡᠭᠴᠡᠭᠡ ᠳᠤ ᠨᠡᠶᠢᠴᠡᠭᠦᠯᠦᠭᠰᠡᠨ ᠪᠥᠭᠡᠳ ︽ᠪᠤᠭᠤᠲᠤ ᠪᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ︾ ᠪᠣᠳᠠᠲᠤ ᠠᠵᠢᠯᠯᠠᠭ᠎ᠠ ᠪᠤᠯᠬᠤ ᠶᠢ ᠬᠦᠨᠵᠡᠭᠡᠢ ᠲᠠᠨᠢᠬᠤ ᠬᠡᠷᠡᠭᠲᠡᠢ᠃ ᠪᠦᠬᠦ ᠲᠤᠭᠤᠷᠢᠭ ᠢᠶᠠᠷ ᠢᠶᠠᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠲᠡᠮᠡᠴᠡᠪᠡᠯ ᠢᠯᠠᠯᠲᠠ ᠤᠯᠬᠤ ᠢᠲᠡᠭᠡᠯ ᠵᠣᠷᠢᠭ ᠲᠠᠢ ᠬᠠᠷᠢᠭᠤᠴᠠᠯᠭ᠎ᠠ ᠡᠭᠦᠷᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ︽ᠠᠯᠳᠠᠨ ᠦᠰᠦᠭᠲᠦ ᠫᠠᠶᠢᠰᠠ︾ ᠶᠢ ᠦᠷᠭᠦᠯᠵᠢᠯᠡᠨ ᠭᠡᠷᠡᠯᠳᠦᠬᠦᠯᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃     ᠬᠤᠷᠠᠯ ᠠᠴᠠ᠂ ᠨᠢᠭᠡ ᠳᠤ᠂ ᠪᠦᠬᠦ ᠲᠤᠭᠤᠷᠢᠭ ᠤᠨ ᠬᠦᠴᠦᠨ ᠢ ᠲᠥᠪᠯᠡᠷᠡᠭᠦᠯᠵᠦ᠂ ᠪᠦᠷᠢᠨ ᠢᠯᠠᠬᠤ ᠠᠴᠠ ᠪᠢᠰᠢ ᠡᠰᠡ ᠯᠡ ᠢᠯᠠᠵᠤ ᠪᠣᠯᠬᠤ ᠦᠭᠡᠢ᠂ ᠨᠡᠩ ᠴᠤ ᠢᠯᠠᠭᠳᠠᠰᠢ ᠦᠭᠡᠢ ᠢᠷᠠᠭᠤ ᠠᠯᠳᠠᠷ ᠤᠨ ︽ᠬᠠᠮᠠᠭᠠᠯᠠᠯᠲᠠ ᠶᠢᠨ ᠳᠠᠶᠢᠨ︾ ᠢ ᠰᠠᠶᠢᠲᠤᠷ ᠬᠢᠬᠦ ᠬᠡᠷᠡᠭᠲᠡᠢ︔ ᠬᠤᠶᠠᠷ ᠲᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ᠂ ᠪᠠᠭᠤᠷᠠᠢ ᠵᠦᠢᠯ ᠢ ᠬᠦᠴᠦᠷᠬᠡᠭ ᠵᠦᠢᠯ ᠪᠣᠯᠭᠠᠨ ᠬᠤᠪᠢᠷᠠᠭᠤᠯᠬᠤ᠂ ᠳᠠᠪᠠᠭᠤᠯᠢᠭ ᠢ ᠬᠦᠴᠦᠷᠬᠡᠭ ᠵᠦᠢᠯ ᠪᠣᠯᠭᠠᠨ ᠬᠤᠪᠢᠷᠠᠭᠤᠯᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ︔ ᠭᠤᠷᠪᠠ ᠳᠤ᠂ ᠬᠤᠳᠠ ᠶᠢᠨ ᠠᠷᠠᠳ ᠨᠢᠭᠡᠪᠦᠷᠢ ᠶᠢ ᠥᠷᠭᠡᠨ ᠢᠶᠠᠷ ᠲᠠᠶᠢᠴᠢᠯᠠᠵᠦ᠂ ︽ᠪᠣᠯᠪᠠᠰᠤᠨ ᠡᠰ︾  ᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠲᠠᠶᠢᠴᠢᠯᠠᠵᠦ᠂ ᠪᠦᠬᠦ ᠠᠷᠠᠳ ᠢᠶᠠᠷ ᠢᠶᠠᠨ ᠣᠷᠣᠯᠴᠠᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠡᠳ᠋ᠯᠡᠬᠦ ︽ᠠᠷᠠᠳ ᠤᠨ ᠲᠠᠶᠢᠨ︾  ᠢ ᠰᠠᠶᠢᠲᠤᠷ ᠬᠢᠬᠦ ᠬᠡᠷᠡᠭᠲᠡᠢ︔ ᠳᠥᠷᠪᠡ ᠳᠤ᠂ ᠡᠷᠡᠯᠬᠡᠭᠯᠡᠨ ᠲᠡᠮᠡᠴᠡᠵᠦ᠂ ᠵᠣᠷᠢᠭᠲᠠᠢ ᠪᠠᠷ ᠠᠵᠢᠯᠯᠠᠵᠤ᠂ ᠴᠥᠬᠦᠷᠡᠰᠢ ᠦᠭᠡᠢ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠠᠵᠢᠯ ᠤᠨ ᠪᠠᠶᠢᠳᠠᠯ ᠢᠶᠠᠷ ︽ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ︾ ᠴᠢᠩᠱᠠᠨ ᠲᠣᠭᠤᠷᠢᠭ ᠤᠨ ᠠᠵᠢᠯ ᠤᠨ ᠰᠤᠷᠲᠠᠯ ᠢ ᠢᠯᠡᠷᠡᠭᠦᠯᠬᠦ ︽ᠢᠷᠠᠭᠤ ᠠᠯᠳᠠᠷ ᠤᠨ ᠲᠠᠶᠢᠨ︾ ᠢ ᠰᠠᠶᠢᠲᠤᠷ ᠬᠢᠵᠦ᠂ ᠡᠯ᠎ᠡ ᠵᠦᠢᠯ ᠤᠨ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号