ᠬᠠᠪᠤᠷ ᠤᠨ ᠰᠠᠯᠬᠢ ᠶᠢ ᠤᠭᠲᠤᠨ      ᠡᠷᠡᠭᠦᠯ ᠴᠢᠭᠢᠷᠠᠭ ᠬᠥᠳᠡᠯᠭᠡᠭᠡᠨ ᠬᠢᠨ᠎ᠡ
ᠨᠡᠶᠢᠲᠡᠯᠡᠭᠰᠡᠨ ᠴᠠᠭ᠄
2023/2/22
      ᠬᠠᠪᠤᠷ ᠤᠨ ᠡᠬᠢᠨ ᠤ ᠬᠤᠶᠠᠷ ᠰᠠᠷ᠎ᠠ ᠳᠤ᠂ ᠡᠪᠡᠰᠦ ᠨᠣᠭᠤᠭ᠎ᠠ ᠤᠷᠭᠤᠵᠤ᠂ ᠲᠦᠮᠡᠨ ᠪᠣᠳᠠᠰ ᠠᠮᠢᠯᠠᠨ᠎ᠠ᠃     2023 ᠣᠨ ᠤ ᠬᠠᠪᠤᠷ ᠪᠣᠯ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠪᠣᠯᠭᠠᠨ ᠲᠣᠬᠢᠷᠠᠭᠤᠯᠤᠨ ᠰᠢᠯᠢᠳᠡᠭᠵᠢᠭᠦᠯᠦᠭᠰᠡᠨ ᠤ ᠳᠠᠷᠠᠭᠠᠬᠢ ᠠᠩᠬᠠᠨ ᠤ ᠬᠠᠪᠤᠷ᠂ ᠭᠡᠷ ᠤᠨ ᠭᠠᠳᠠᠨᠠᠬᠢ ᠬᠥᠳᠡᠯᠭᠡᠭᠡᠨ ᠢ ᠰᠣᠩᠭᠤᠬᠤ ᠨᠢ ᠬᠠᠪᠤᠷ ᠢ ᠤᠭᠲᠤᠬᠤ ᠨᠢᠭᠡᠨ ᠰᠠᠶᠢᠨ ᠰᠠᠶᠢᠬᠠᠨ ᠠᠷᠭ᠎ᠠ ᠮᠠᠶ᠋ᠢᠭ ᠪᠣᠯᠬᠤ ᠪᠠᠷ ᠪᠠᠷᠠᠬᠤ ᠦᠭᠡᠢ ᠨᠠᠩ ᠴᠤ ᠨᠡᠯᠢᠶᠡᠳ ᠰᠠᠶᠢᠨ ᠪᠡᠶ᠎ᠡ ᠴᠢᠭᠢᠷᠠᠭᠵᠢᠭᠤᠯᠬᠤ ᠠᠷᠭ᠎ᠠ ᠮᠠᠶ᠋ᠢᠭ ᠮᠥᠨ᠂ ᠵᠣᠬᠢᠬᠤ ᠬᠡᠮᠵᠢᠶᠡᠨ ᠤ ᠪᠣᠯᠪᠠᠰᠤᠷᠠᠯ ᠬᠢᠬᠦ ᠨᠢ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠯ ᠢ ᠴᠢᠩᠭᠠᠷᠠᠭᠤᠯᠵᠤ᠂ ᠡᠪᠡᠳᠴᠢᠨ ᠡᠮᠭᠡᠭ ᠡᠭᠦᠰᠬᠦ ᠶᠢ ᠪᠠᠭᠠᠰᠬᠠᠬᠤ ᠪᠠᠷ ᠪᠠᠷᠠᠬᠤ ᠦᠭᠡᠢ᠂ ᠪᠡᠶ᠎ᠡ ᠰᠡᠳᠬᠢᠯ ᠢ ᠠᠭᠤᠵᠢᠷᠠᠭᠤᠯᠵᠤ᠂ ᠪᠠᠶᠠᠷ ᠪᠠᠭ᠋ᠠᠳᠤᠯ ᠲᠠᠢ ᠪᠣᠯᠭᠠᠵᠤ ᠴᠢᠳᠠᠨ᠎ᠠ᠃     ᠬᠡᠳᠦᠶᠢᠪᠡᠷ ᠬᠠᠪᠤᠷ ᠤᠨ ᠬᠦᠢᠲᠡᠨ ᠪᠣᠯᠪᠠᠴᠤ ᠴᠢᠩᠱᠠᠨ ᠲᠣᠭᠤᠷᠢᠭ ᠤᠨ ᠡᠯ᠎ᠡ ᠶᠡᠭᠡ ᠴᠡᠴᠡᠷᠯᠢᠭ᠂ ᠠᠭᠤᠳᠠᠮ ᠲᠠᠯᠠᠪᠠᠢ ᠳᠤ᠂ ᠬᠤᠳᠠ ᠶᠢᠨ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠤ ᠪᠡᠶ᠎ᠡ ᠪᠣᠯᠪᠠᠰᠤᠷᠠᠭᠤᠯᠵᠤ᠂ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠤᠯᠲᠠ ᠶᠢᠨ ᠪᠠᠶᠠᠷ ᠪᠠᠶᠠᠰᠤᠯ ᠢ ᠡᠳ᠋ᠯᠡᠵᠦ ᠪᠤᠢ᠃     ᠣᠶᠢᠷ᠎ᠠ ᠳᠤ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠴᠢᠩᠱᠠᠨ ᠲᠣᠭᠤᠷᠢᠭ ᠤᠨ ᠴᠢᠩᠱᠠᠨ ᠴᠡᠴᠡᠷᠯᠢᠭ᠂ ᠬᠡᠦᠬᠡᠳ ᠤᠨ ᠴᠡᠴᠡᠷᠯᠢᠭ ᠵᠢᠴᠢ ᠰᠡᠯᠡᠭᠦᠴᠡᠯ ᠤᠨ ᠣᠯᠠᠨ ᠲᠠᠯᠠᠪᠠᠶ ᠳᠤ ᠭᠦᠶᠦᠬᠦ᠂ ᠲᠠᠮᠢᠷ ᠬᠢᠬᠦ᠂ ᠪᠥᠵᠢᠭ ᠪᠥᠵᠢᠭᠯᠡᠬᠦ᠂ ᠢᠳᠡᠷᠡᠭᠦᠨ ᠠᠯᠬᠤᠬᠤ᠂ ᠳᠤᠭᠤᠢ ᠤᠨᠤᠬᠤ ᠬᠤᠲᠠ ᠶᠢᠨ ᠠᠷᠠᠳ ᠲᠠᠰᠤᠷᠠᠯᠲᠠ ᠦᠭᠡᠢ ᠴᠤᠪᠤᠷᠠᠵᠤ᠂ ᠴᠢᠯᠦᠭᠡᠲᠡᠢ ᠠᠮᠢᠰᠬᠤᠬᠤ ᠰᠠᠶᠢᠨ ᠰᠠᠶᠢᠬᠠᠨ ᠴᠠᠭ ᠮᠥᠴᠡ ᠶᠢ ᠡᠳ᠋ᠯᠡᠵᠦ ᠪᠠᠶᠢᠨ᠎ᠠ᠃     ᠴᠢᠩᠱᠠᠨ ᠲᠣᠭᠤᠷᠢᠭ ᠤᠨ ᠵᠢᠶᠠ ᠾᠧ ᠠᠭᠤᠳᠠᠮ ᠲᠠᠯᠠᠪᠠᠢ ᠳᠤ᠂ ᠢᠷᠠᠭᠤ ᠰᠠᠶᠢᠬᠠᠨ ᠬᠥᠭᠵᠢᠮ ᠤᠨ ᠠᠶᠠᠰ ᠤᠨ ᠳᠠᠭᠠᠤ ᠳᠤ᠂ ᠪᠡᠶ᠎ᠡ ᠴᠢᠭᠢᠷᠠᠭᠵᠢᠭᠤᠯᠬᠤ ᠲᠠᠮᠢᠷ ᠤᠨ ᠪᠥᠵᠢᠭ ᠢ ᠬᠦᠷ ᠬᠥᠭᠵᠢᠶᠡᠨ ᠲᠠᠢ ᠲᠣᠭᠯᠠᠵᠤ ᠪᠠᠶᠢᠯ᠎ᠠ᠃ ᠳᠠᠭᠠᠭᠤᠯᠤᠨ ᠪᠥᠵᠢᠭᠯᠡᠭᠰᠡᠨ ᠨᠢ ᠵᠠᠩ ᠯᠢ ᠶᠢᠩ᠂ ᠤᠯᠤᠰ ᠤᠨ ᠲᠠᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠣᠯᠣᠨ᠎ᠠ᠃     ︽ᠠᠯᠢ ᠵᠦᠢᠯ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠴᠦ ᠭᠡᠰᠡᠨ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠦᠳᠡᠯᠭᠡᠭᠡᠨ ᠨᠢ ᠬᠠᠮᠤᠭ ᠤᠨ ᠵᠠᠩᠭᠢᠯᠠᠭ᠎ᠠ᠂ ᠬᠥᠳᠡᠯᠭᠡᠭᠡᠨ ᠤ ᠦᠷ᠎ᠡ ᠪᠦᠲᠦᠮᠵᠢ ᠶᠢ ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ ᠤᠯᠵᠦ ᠴᠢᠳᠠᠨ᠎ᠠ︾᠃ ᠦᠨᠦ ᠵᠢᠯ 60 ᠨᠠᠰᠤᠲᠠᠢ ᠵᠠᠩ ᠯᠢ ᠶᠢᠩ ᠪᠣᠯ ᠴᠢᠩᠱᠠᠨ ᠵᠠᠮ ᠤᠨ ᠵᠡᠭᠡᠯᠢ ᠭᠤᠳᠤᠮᠵᠢ ᠶᠢᠨ  ᠳᠤᠯᠠᠭᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠣᠨ᠎ᠠ᠂ ᠠᠯᠢ ᠡᠷᠲᠡ 2008 ᠣᠨ ᠳᠤ᠂ ᠵᠠᠩ ᠯᠢ ᠶᠢᠩ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠡᠭᠡ ᠭᠡᠷ ᠪᠦᠯᠢ ᠳᠤ ᠣᠷᠣᠯᠴᠠᠵᠠᠢ᠃ ᠭᠤᠸᠠᠵᠢᠯ ᠤᠨ ᠲᠠᠮᠢᠷ᠂ ᠲᠠᠯᠠᠪᠠᠶ  ᠶᠢᠨ ᠪᠥᠵᠢᠭ ᠁ ᠵᠦᠢᠯ ᠪᠦᠷᠢ  ᠶᠢᠨ ᠲᠠᠮᠢᠷ ᠤᠨ ᠬᠥᠳᠡᠯᠭᠡᠭᠡᠨ ᠲᠡᠭᠦᠨ ᠤ ᠰᠣᠨᠢᠷᠬᠠᠯ  ᠢ ᠶᠡᠬᠡᠳᠡ  ᠲᠠᠲᠠᠵᠦ᠂ ᠡᠳᠦᠭᠡ ᠨᠢᠭᠡᠨᠲᠡ 7 ᠵᠢᠯ ᠤᠯᠤᠰ ᠤᠨ ᠲᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠣᠯᠤᠭᠰᠠᠨ ᠲᠡᠷᠡ ᠤᠯᠤᠰ ᠤᠨ ᠭᠤᠷᠪᠠᠳᠤᠭᠠᠷ ᠳᠡᠰ ᠠᠴᠠ ᠤᠯᠤᠰ ᠤᠨ ᠬᠤᠶᠠᠳᠤᠭᠠᠷ ᠳᠡᠰ ᠬᠦᠷᠲᠡᠯ᠎ᠡ᠂ ᠥᠪᠡᠷ ᠤᠨ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠳᠡᠭᠡᠨ ᠴᠠᠭᠠᠷᠠᠭᠰᠠᠨ ᠤ ᠬᠠᠮᠲᠤ᠂ ᠲᠡᠭᠦᠨ ᠳᠤ ᠡᠷᠡᠭᠦᠯ ᠴᠢᠭᠢᠷᠠᠭ ᠪᠠ ᠪᠠᠶᠠᠷ ᠪᠠᠶᠠᠰᠤᠯ ᠢ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠴᠢᠩᠱᠠᠨ ᠲᠣᠭᠤᠷᠢᠭ ᠤᠨ ᠴᠡᠴᠡᠷᠯᠢᠭ᠂ ᠠᠭᠤᠳᠠᠮ ᠲᠠᠯᠠᠪᠠᠢ ᠶᠢᠨ ᠬᠤᠪᠢᠷᠠᠯᠲᠠ ᠶᠢ ᠭᠡᠷᠡᠴᠢᠯᠡᠵᠡᠢ᠃     ︽ᠣᠳᠣᠬᠠᠨ ᠳᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠬᠤ ᠭᠠᠵᠠᠷ ᠤᠯᠠᠮ  ᠠᠴᠠ ᠤᠯᠠᠮ ᠣᠯᠠᠰᠢᠷᠠᠵᠤ᠂ ᠤᠯᠠᠮ  ᠠᠴᠠ ᠤᠯᠠᠮ ᠰᠠᠶᠢᠵᠢᠷᠠᠵᠤ ᠪᠠᠶᠢᠨ᠎ᠠ᠂ ᠭᠡᠷ ᠠᠴᠠ ᠪᠠᠨ ᠭᠠᠷᠪᠠᠯ ᠲᠠᠯᠠᠪᠠᠶ ᠳᠤ ᠣᠷᠣᠵᠤ᠂ ᠨᠣᠭᠤᠭᠠᠨ ᠲᠠᠷᠢᠮᠠᠯ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠥᠬᠦᠭᠡᠷᠦᠮᠵᠢ  ᠶᠢ ᠪᠦᠷᠢᠳᠦᠭᠦᠯᠦᠭᠡᠳ᠂ ᠠᠷᠠᠳ ᠨᠡᠶᠢᠲᠡ  ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠡᠩᠨᠡᠭᠡᠨ ᠳᠤ ᠣᠯᠠᠨ ᠲᠦᠮᠡᠨ ᠤ ᠠᠩᠬᠠᠷᠤᠯ  ᠢ ᠤᠯᠠᠮ  ᠠᠴᠠ ᠤᠯᠠᠮ ᠲᠠᠲᠠᠵᠤ ᠪᠠᠶᠢᠨ᠎ᠠ︾ ᠭᠡᠵᠦ ᠵᠠᠩ ᠯᠢ ᠶᠢᠩ ᠪᠠᠶᠠᠷᠲᠠᠢ ᠪᠠᠷ ᠬᠡᠯᠡᠪᠡ᠃     ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠬᠢᠨ ᠬᠤᠲᠠ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ︽ᠲᠠᠰ ᠳᠡᠪᠰᠢᠭᠦᠯᠵᠦ︾᠂ ᠴᠡᠴᠡᠷᠯᠢᠭ᠂ ᠠᠭᠤᠳᠠᠮ ᠲᠠᠯᠠᠪᠠᠶ ᠵᠡᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠭᠡᠨ ᠪᠠᠶᠢᠭᠤᠯᠵᠤ᠂ ᠥᠭᠡᠷᠡᠴᠢᠯᠡᠨ ᠲᠠᠰ ᠳᠡᠪᠰᠢᠭᠦᠯᠵᠦ ᠪᠠᠶᠢᠨ᠎ᠠ᠃ ᠸᠠᠩ ᠰᠢ ᠶᠤᠸᠠᠨ ᠴᠡᠴᠡᠷᠯᠢᠭ᠂ ᠬᠤᠸᠠᠨ ᠰᠢᠸ ᠶᠤᠸᠠᠨ ᠴᠡᠴᠡᠷᠯᠢᠭ᠂ ᠪᠦᠦ ᠯᠢ ᠶᠤᠸᠠᠨ ᠴᠡᠴᠡᠷᠯᠢᠭ᠂ ᠠᠷᠠᠳᠴᠢᠯᠠᠯ ᠵᠠᠮ ᠤᠨ ᠵᠤᠭᠠᠴᠠᠯ ᠤᠨ ᠬᠦᠷᠢᠶᠡᠯᠡᠩ ᠤᠨ ᠤᠭᠤᠲᠠ ᠴᠡᠴᠡᠷᠯᠢᠭ ᠤᠨ ᠥᠭᠡᠷᠡᠴᠢᠯᠡᠯᠲᠡ ᠶᠢ ᠤᠷᠢᠳ ᠬᠤᠵᠢᠳ ᠪᠡᠯᠡ ᠣᠷᠣᠭᠤᠯᠵᠤ ᠪᠡᠶᠡᠯᠡᠭᠦᠯᠪᠡ᠃     2022 ᠣᠨ ᠳᠤ ᠴᠢᠩᠱᠠᠨ ᠴᠡᠴᠡᠷᠯᠢᠭ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠪᠡᠯᠡ ᠣᠷᠣᠭᠤᠯᠵᠤ ᠪᠡᠶᠡᠯᠡᠭᠦᠯᠵᠦ᠂ ︽ᠬᠤᠪᠢᠷᠠᠭᠰᠠᠨ︾ ᠤ ᠳᠠᠷᠠᠭᠠᠬᠢ ᠴᠢᠩᠱᠠᠨ ᠴᠡᠴᠡᠷᠯᠢᠭ ᠨᠢ ᠨᠠᠩ ᠣᠯᠠᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠴᠢᠳᠠᠮᠵᠢ ᠶᠢ ᠢᠯᠡᠷᠡᠭᠦᠯᠵᠦ᠂ ᠡᠯ᠎ᠡ ᠨᠠᠰᠤᠨ ᠤ ᠲᠠᠰ ᠳᠠᠪᠬᠤᠷᠭ᠎ᠠ ᠶᠢᠨ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠦᠭᠡᠢ᠂ ᠣᠯᠠᠨ ᠲᠦᠮᠡᠨ ᠤ ᠬᠤᠭᠤᠷᠣᠨᠳᠣᠬᠢ ᠰᠣᠯᠢᠯᠴᠠᠭ᠎ᠠ ᠶᠢ ᠴᠤ ᠴᠢᠩᠭᠠᠳᠬᠠᠭᠰᠠᠨ ᠪᠠᠶᠢᠨ᠎ᠠ᠃ ᠦᠨᠦ ᠵᠢᠯ ᠪᠠᠰᠠ ᠪᠦᠯᠬᠦᠮᠳᠡᠯ ᠠᠭᠤᠳᠠᠮ ᠲᠠᠯᠠᠪᠠᠢ ᠳᠤ ᠥᠭᠡᠷᠡᠴᠢᠯᠡᠯᠲᠡ ᠬᠢᠵᠦ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠠᠷᠢᠮᠵᠢᠶ᠎ᠠ ᠪᠠᠷ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠣᠭᠤᠷᠢᠭ ᠵᠢᠴᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠨᠥᠬᠦᠪᠦᠷᠢᠯᠡᠵᠦ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ︽ᠬᠠᠮᠤᠭ ᠤᠨ ᠡᠴᠦᠰ ᠤᠨ ᠨᠢᠭᠡ ᠺᠢᠯᠤᠸ᠋ᠮᠲᠷ︾  ᠢ ᠨᠠᠪᠲᠠᠷᠡᠭᠦᠯᠵᠦ᠂ ᠠᠳᠠᠯᠢ ᠪᠤᠰᠤ ᠬᠥᠮᠥᠰ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠵᠤ᠂ ᠥᠷᠭᠡᠨ ᠤᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ᠂ ᠵᠣᠯ ᠵᠢᠷᠭᠠᠯ ᠤᠨ ᠲᠥᠷᠥᠭᠳᠡᠯ ᠢ ᠳᠦᠭᠦᠷᠡᠩ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号