2 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ | ᠵᠠᠩ ᠿᠦᠢ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠨᠠᠷ ᠲᠠᠢ ᠶᠠᠷᠢᠯᠴᠠᠵᠤ᠂ ᠬᠤᠶᠠᠷ | ᠡᠲᠡᠭᠡᠳ ᠢᠶᠠᠷ ᠢᠶᠠᠨ ᠬᠡᠷᠡᠯ ᠴᠡᠨᠡᠭ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠢᠨ᠎ᠡ ᠪᠠᠷ | ᠪᠠᠶᠢᠭᠤᠯᠤᠭᠰᠠᠨ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ | ᠲᠦᠷᠦᠯ ᠵᠦᠢᠯ ᠢ ᠪᠠᠶᠢᠷᠢᠰᠢᠭᠤᠯᠬᠤ᠂ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ | ᠬᠥᠭᠵᠢᠯᠲᠡ ᠶᠢ ᠪᠡᠶᠡᠯᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠷᠠᠯ ᠤᠨ ᠲᠠᠷᠠᠭ᠎ᠠ᠂ ᠪᠤᠭᠤᠲᠤ | ᠬᠤᠳᠠ ᠶᠢᠨ ᠵᠠᠰᠠᠭ ᠤᠨ ᠣᠷᠳᠣᠨ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠵᠢᠩ ᠤᠣ ᠨᠡᠷᠡᠨ ᠡᠨᠧᠷᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠭᠠᠷ ᠤᠨ ᠦᠰᠦᠭ | ᠵᠢᠷᠤᠬᠤ ᠶᠣᠰᠣᠯᠠᠯ ᠶᠠᠪᠤᠭᠤᠯᠵᠠᠢ᠃ | ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠢᠭᠡᠳᠦᠭᠡᠷ | ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠸ ᠯᠢᠶᠠᠨ ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ ᠵᠢᠩ ᠤᠣ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠶᠡᠷᠦᠩᠬᠡᠢ ᠵᠠᠬᠢᠷᠤᠭᠴᠢ ᠹᠠᠨ ᠿᠦᠢ ᠮᠣᠣ ᠲᠠᠢ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠢ ᠶᠦᠨ ᠰᠢ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠵᠢᠩ ᠤᠣ | ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠶᠡᠷᠦᠩᠬᠡᠢ ᠵᠠᠬᠢᠷᠤᠭᠴᠢ ᠹᠠᠨ ᠿᠦᠢ ᠮᠣᠣ ᠲᠠᠢ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠵᠠᠢ᠃ | ᠬᠤᠲᠠ ᠶᠢᠨ ᠤᠳᠤᠷᠢᠳᠤᠯᠭ᠎ᠠ ᠸᠠᠩ ᠵᠠᠨ ᠶᠤᠸᠠᠨ᠂ ᠲᠣᠭᠤᠷᠢᠭ ᠤᠨ ᠤᠳᠤᠷᠢᠳᠤᠯᠭ᠎ᠠ ᠳ᠋ᠢᠩ ᠺᠠᠢ᠂ ᠬᠤ᠋ ᠭᠦᠸᠧ | ᠵᠦ᠋᠂ ᠵᠢᠩ ᠤᠣ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠢᠩ ᠰᠢᠦᠢ ᠴᠢᠩ᠂ ᠸᠠᠩ | ᠬᠤᠶ ᠮᠢᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠪᠣᠯ ᠳᠤᠮᠳᠠᠳᠤ ᠤᠯᠤᠰ ᠤᠨ 500 ᠬᠦᠴᠦᠷᠬᠡᠭ᠂ ︽ᠪᠦᠬᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ | ᠠᠬᠤᠶᠢᠯᠠᠯ ᠤᠨ 500 ᠬᠦᠴᠦᠷᠬᠡᠭ︾ ᠺᠣᠮᠫᠠᠨᠢ᠂ ᠠᠵᠤ ᠦᠢᠯᠡᠰ ᠤᠨ ᠬᠡᠯᠬᠢᠶ᠎ᠡ ᠨᠢ ᠴᠠᠬᠢᠭᠤᠷ ᠢᠯᠲᠠᠰᠤ᠂ ᠳ᠋ᠢᠶᠠᠨ ᡂᠢ᠂ | ᠤᠭᠰᠠᠷᠠᠭ᠎ᠠ ᠲᠤᠨᠤᠭ ᠵᠢᠴᠢ ᠭᠡᠷᠡᠯ ᠴᠡᠨᠡᠭ ᠤᠨ ᠴᠠᠬᠢᠯᠭᠠᠨ ᠦᠷᠳᠡᠭᠡ ᠶᠢ ᠪᠦᠷᠬᠦᠵᠦ᠂ ᠪᠦᠬᠦ ᠳᠡᠯᠡᠬᠡᠢ ᠳᠤ 12 | ᠦᠢᠯᠡᠳᠪᠦᠷᠢᠯᠡᠯ ᠤᠨ ᠰᠠᠭᠤᠷᠢᠨ ᠲᠠᠢ᠂ ᠭᠠᠳᠠᠭᠠᠳᠤ ᠳᠤ 13 ᠪᠣᠷᠣᠯᠠᠭᠤᠯᠬᠤ ᠺᠣᠮᠫᠠᠨᠢ ᠲᠠᠢ᠂ ᠦᠢᠯᠡᠳᠬᠦᠨ ᠤ ᠤᠯᠠ | ᠮᠥᠷ ᠨᠢ 135 ᠤᠯᠤᠰ ᠪᠠ ᠭᠠᠵᠠᠷ ᠣᠷᠣᠨ ᠳᠤ ᠲᠠᠷᠬᠠᠵᠤ᠂ ᠭᠠᠵᠠᠷ ᠳᠡᠭᠡᠷᠡᠬᠢ ᠭᠡᠷᠡᠯ ᠴᠡᠨᠡᠭ ᠤᠨ ᠴᠠᠬᠢᠯᠭᠠᠨ | ᠦᠷᠳᠡᠭᠡ ᠵᠢᠴᠢ ᠦᠢᠯᠡᠳᠪᠦᠷᠢ ᠬᠤᠳᠠᠯᠳᠤᠭ᠎ᠠ᠂ ᠣᠷᠣᠨ ᠰᠠᠭᠤᠴᠠ ᠶᠢᠨ ᠲᠠᠷᠬᠠᠮᠠᠯ ᠬᠡᠯᠪᠡᠷᠢ ᠶᠢᠨ ᠭᠡᠷᠡᠯ ᠴᠡᠨᠡᠭ ᠤᠨ | ᠰᠢᠰᠲ᠋ᠧᠮ ᠳᠤ ᠥᠷᠭᠡᠨ ᠢᠶᠠᠷ ᠬᠡᠷᠡᠭᠯᠡᠭᠳᠡᠵᠦ ᠪᠤᠢ᠃ ᠣᠳᠣᠬᠠᠨ ᠳᠤ᠂ ᠵᠢᠩ ᠤᠣ ᠨᠢᠭᠡᠨᠲᠡ ᠪᠤᠭᠤᠲᠤ ᠳᠤ ᠭᠤᠷᠪᠠᠨ | ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 118 ᠳ᠋ᠦᠩᠰᠢᠭᠤᠷ | ᠲᠥᠭᠦᠷᠢᠭ ᠪᠠᠶᠢᠵᠤ᠂ 26GW ᠲᠠᠩ ᠲᠠᠯᠠᠰᠲᠤ᠂ ᠯᠠ ᠵᠢᠩ᠂ 20GW ᠬᠡᠷᠴᠢᠮᠡᠯ ᠵᠢᠴᠢ ᠢᠵᠢ ᠪᠦᠷᠢᠯᠳᠦᠭᠰᠡᠨ | ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠦᠢᠯᠡᠳᠪᠦᠷᠢᠯᠡᠯ ᠤᠨ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ᠂ ᠵᠢᠱᠢᠯᠲᠡ ᠪᠠᠷ ᠦᠨᠦ ᠵᠢᠯ ᠤᠨ 10 ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠬᠤ ᠪᠣᠯᠣᠨ᠎ᠠ᠃ | ᠲᠣᠰ ᠤᠳᠠᠭ᠎ᠠ ᠶᠢᠨ ᠭᠡᠷ᠎ᠡ ᠲᠣᠭᠲᠠᠭᠰᠠᠨ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠳᠤ ᠨᠡᠶᠢᠲᠡ | 12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ | ᠵᠢᠯ ᠳᠤ 5GW ᠨᠡᠷᠡᠨ ᠡᠨᠧᠷᠭᠢ ᠶᠢᠨ ᠬᠡᠷᠡᠯ ᠴᠡᠨᠡᠭ ᠤᠨ ᠲᠣᠨᠣᠭᠯᠠᠯ ᠢ ᠦᠢᠯᠡᠳᠪᠦᠷᠢᠯᠡᠵᠦ᠂ ᠵᠢᠯ ᠤᠨ | ᠦᠢᠯᠡᠳᠬᠦᠨ ᠤ ᠥᠷᠲᠡᠭ ᠨᠢ 70 ᠳ᠋ᠦᠩᠰᠢᠭᠤᠷ ᠲᠥᠭᠦᠷᠢᠭ ᠪᠣᠯᠣᠨ᠎ᠠ᠃ ᠵᠢᠩ ᠤᠣ ᠰᠢᠨᠵᠢᠯᠡᠬᠦ ᠤᠬᠠᠭᠠᠨ ᠮᠡᠷᠭᠡᠵᠢᠯ | ᠪᠤᠭᠤᠲᠤ ᠳᠤ ᠦᠷᠭᠦᠯᠵᠢᠯᠡᠨ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠪᠤᠭᠤᠲᠤ ᠬᠤᠲᠠ᠂ ᠴᠢᠩᠱᠠᠨ | ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠭᠦᠢᠴᠡᠳ ᠨᠤᠲᠠᠯᠠᠵᠤ᠂ ᠡᠭᠦᠨ ᠤ ᠵᠡᠷᠭᠡᠪᠡᠷ᠂ | ᠴᠢᠩᠱᠠᠨ ᠲᠣᠭᠤᠷᠢᠭ ᠤᠨ ︽ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠬᠤ ᠳᠤ | ᠰᠢᠨ᠎ᠡ ᠬᠥᠳᠡᠯᠭᠡᠭᠦ ᠡᠨᠧᠷᠭᠢ ᠰᠢᠨ᠎ᠡ ᠠᠮᠢᠵᠢᠷᠠᠯ ᠤᠨ ᠬᠦᠴᠦᠨ ᠢ ᠬᠠᠩᠭᠠᠵᠤ᠂ ᠪᠤᠭᠤᠲᠤ ᠶᠢ ᠪᠦᠬᠦ ᠪᠥᠮᠪᠥᠷᠴᠡᠭ ᠤᠨ | ᠴᠠᠬᠢᠭᠤᠷ ᠤᠨ ᠠᠵᠤ ᠦᠢᠯᠡᠰ ᠤᠨ ᠬᠥᠭᠵᠢᠯᠲᠡ ᠶᠢᠨ ᠲᠥᠪ᠂ ᠲᠡᠷᠢᠭᠦᠨ ᠤ ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ | ᠬᠡᠷᠡᠭᠯᠡᠭᠡᠨ ᠤ ᠦᠵᠡᠭᠳᠡᠯ ᠤᠨ ᠵᠢᠱᠢᠶ᠎ᠡ ᠦᠵᠡᠭᠦᠯᠬᠦ ᠲᠥᠪ ᠪᠣᠯᠭᠠᠨ ᠪᠦᠲᠦᠭᠡᠨ ᠪᠠᠶᠢᠭᠤᠯᠵᠤ᠂ ᠬᠠᠮᠤᠭ ᠤᠨ ᠶᠡᠭᠡ | ᠠᠵᠢᠯ ᠲᠦᠷᠦᠯ ᠤᠨ ᠤᠷᠢᠶᠠᠯᠠᠬᠤ ᠬᠦᠴᠦᠨ ᠪᠠ ᠨᠥᠯᠥᠭᠡᠯᠡᠬᠦ ᠬᠦᠴᠦᠨ ᠲᠠᠢ ︽ᠳᠡᠯᠡᠬᠡᠢ ᠶᠢᠨ ᠪᠣᠬᠢᠷᠳᠤᠯ ᠦᠭᠡᠢ | ᠴᠠᠬᠢᠭᠤᠷ ᠤᠨ ᠬᠤᠳᠠ︾ ᠪᠣᠯᠭᠠᠨ ᠪᠦᠲᠦᠭᠡᠨ ᠪᠠᠶᠢᠭᠤᠯᠬᠤ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ | ᠡᠷᠭᠦᠪᠡ᠃ | | | |