ᠮᠦᠩᠬᠡᠵᠢᠯ ᠵᠠᠮ ᠤᠨ ᠵᠡᠭᠡᠯᠢ ᠭᠤᠳᠤᠮᠵᠢ 2023 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/23
      ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠪᠠ ᠤᠯᠠᠨ ᠨᠡᠶᠢᠲᠡ ᠶᠢᠨ ᠡᠮᠬᠢ ᠳᠢᠭᠯᠢᠮ ᠢ ᠦᠷᠭᠦᠯᠵᠢᠯᠡᠨ ᠰᠠᠶᠢᠵᠢᠷᠠᠭᠤᠯᠵᠤ᠂ ᠬᠠᠷᠢᠶ᠎ᠠ ᠣᠷᠣᠨ ᠤ ᠠᠵᠢᠯᠲᠠᠨ ᠤ ᠠᠵᠢᠯ ᠤᠨ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ ᠮᠦᠩᠬᠡᠵᠢᠯ ᠵᠠᠮ ᠶᠢᠨ ᠵᠡᠭᠡᠯᠢ ᠭᠤᠳᠤᠮᠵᠢ ᠶᠢᠨ ᠬᠢᠨ 2023 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ᠃     ᠬᠤᠷᠠᠯ ᠠᠴᠠ᠂ ᠨᠢᠭᠡ ᠳᠤ᠂ ᠵᠡᠭᠡᠯᠢ ᠭᠤᠳᠤᠮᠵᠢ ᠶᠢᠨ ᠬᠦᠴᠦᠨ ᠢ ᠲᠥᠪᠯᠡᠷᠡᠭᠦᠯᠵᠦ᠂  ᠢᠯᠠᠭᠳᠠᠰᠢ ᠦᠭᠡᠢ ᠢᠷᠠᠭᠤ ᠠᠯᠳᠠᠷ ᠤᠨ ︽ᠬᠠᠮᠠᠭᠠᠯᠠᠯᠲᠠ ᠶᠢᠨ ᠳᠠᠶᠢᠨ︾ ᠢ ᠰᠠᠶᠢᠲᠤᠷ ᠬᠢᠬᠦ ᠬᠡᠷᠡᠭᠲᠡᠢ︔ ᠬᠤᠶᠠᠷ ᠲᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ᠂ ᠪᠠᠭᠤᠷᠠᠢ ᠵᠦᠢᠯ ᠢ ᠬᠦᠴᠦᠷᠬᠡᠭ ᠵᠦᠢᠯ ᠪᠣᠯᠭᠠᠨ ᠬᠤᠪᠢᠷᠠᠭᠤᠯᠬᠤ᠂ ᠳᠠᠪᠠᠭᠤᠯᠢᠭ ᠢ ᠬᠦᠴᠦᠷᠬᠡᠭ ᠵᠦᠢᠯ ᠪᠣᠯᠭᠠᠨ ᠬᠤᠪᠢᠷᠠᠭᠤᠯᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ︔ ᠭᠤᠷᠪᠠ ᠳᠤ᠂ ᠰᠠᠭᠤᠭᠠᠯᠢ ᠠᠷᠠᠳ ᠤᠯᠠᠨ ᠲᠦᠮᠡᠨ ᠢ ᠥᠷᠭᠡᠨ ᠢᠶᠠᠷ ᠳᠠᠶᠢᠴᠢᠯᠠᠵᠤ᠂ ᠬᠠᠷᠢᠶ᠎ᠠ ᠣᠷᠣᠨ ᠤ ᠬᠥᠳᠡᠯᠭᠡᠭᠦ ᠬᠦᠴᠦᠨ ᠢ ᠬᠥᠭᠵᠢᠭᠡᠵᠦ᠂ ︽ᠪᠣᠯᠪᠠᠰᠤᠨ ᠡᠰ︾  ᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠳᠠᠶᠢᠴᠢᠯᠠᠬᠤ᠂ ᠪᠦᠬᠦ ᠠᠷᠠᠳ ᠢᠶᠠᠷ ᠢᠶᠠᠨ ᠣᠷᠤᠯᠴᠠᠬᠤ᠂ ᠪᠦᠬᠦ ᠠᠷᠠᠳ ᠢᠶᠠᠷ ᠢᠶᠠᠨ ᠬᠠᠮᠲᠤᠪᠠᠷ ᠡᠳ᠋ᠯᠡᠬᠦ ︽ᠠᠷᠠᠳ ᠤᠨ ᠳᠠᠶᠢᠨ︾  ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠳᠠᠷᠠᠭᠠᠴᠢ ᠶᠢᠨ ᠠᠯᠬᠤᠮ ᠳᠤ᠂ ᠮᠦᠩᠬᠡᠵᠢᠯ ᠵᠠᠮ ᠤᠨ ᠵᠡᠭᠡᠯᠢ ᠭᠤᠲᠤᠮᠵᠢ ᠳᠡᠭᠡᠳᠦ ᠳᠣᠣᠷᠠᠳᠤ ᠱᠠᠲᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠪᠤᠭᠤᠲᠤ ᠪᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ︾ ᠶᠢᠨ ᠮᠥᠨ ᠴᠢᠨᠠᠷ ᠤᠨ ᠠᠭᠤᠯᠬᠤᠨ ᠢ ᠪᠤᠯᠪᠠᠰᠤᠨ ᠬᠤᠲᠠ ᠶᠢ ᠪᠠᠶᠢᠭᠤᠯᠬᠤ ᠠᠵᠢᠯ ᠲᠠᠢ ᠤᠶᠠᠯᠳᠤᠭᠤᠯᠵᠤ᠂ ᠪᠤᠯᠪᠠᠰᠤᠨ ᠬᠤᠲᠠ ᠶᠢ ᠪᠠᠶᠢᠭᠤᠯᠬᠤ ᠠᠵᠢᠯ ᠢ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠢᠨᠵᠧᠨᠧᠷᠢᠩ ᠪᠣᠯᠭᠠᠵᠤ᠂ ᠪᠠᠶᠢᠩᠭᠤᠵᠢᠭᠤᠯᠤᠨ ᠪᠠᠲᠤᠯᠠᠭᠰᠠᠨ ᠰᠠᠭᠤᠷᠢᠨ ᠳᠡᠭᠡᠷ᠎ᠡ᠂ ᠰᠠᠨᠠᠭᠠᠴᠢᠯᠠᠭ᠎ᠠ  ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠢᠶᠠᠲᠤ ᠣᠷᠣᠨ ᠤ ᠠᠵᠢᠯᠲᠠᠨ᠂ ᠠᠳᠠᠯ ᠠᠬᠤᠢ ᠶᠢᠨ ᠺᠣᠮᠫᠠᠨᠢ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠦᠴᠦᠨ ᠢ ᠳᠠᠶᠢᠴᠢᠯᠠᠵᠤ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢ ᠲᠠᠢ ᠪᠠᠷ ᠬᠤᠲᠠ ᠪᠠᠶᠢᠭᠤᠯᠬᠤ ᠠᠵᠢᠯ ᠢ ᠨᠠᠷᠢᠯᠢᠭᠵᠢᠭᠤᠯᠤᠨ ᠥᠷᠨᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号