ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠳᠠᠯ ᠠᠬᠤᠢ ᠶᠢᠨ ᠠᠵᠢᠯ ᠲᠥᠷᠥᠯ ᠤᠨ ᠭᠠᠯ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠴᠠᠬᠢᠯᠭᠠᠨ ᠱᠠᠲᠤ ᠶᠢᠨ ᠠᠮᠤᠷ ᠲᠦᠪᠰᠢᠨ ᠤ ᠪᠤᠯᠪᠠᠰᠤᠷᠠᠯ ᠢ ᠦᠷᠨᠢᠭᠦᠯᠪᠡ
ᠨᠡᠶᠢᠲᠡᠯᠡᠭᠰᠡᠨ ᠴᠠᠭ᠄
2023/2/23
      2 ᠰᠠᠷ᠎ᠠ ᠶᠢᠨ 22 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ᠂ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠠᠶᠤᠯᠭᠦᠢ ᠶᠢᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠠᠬᠢᠭᠤᠯᠵᠤ᠂ ᠪᠥᠬᠦ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠶᠢᠨ ᠲᠦᠯᠦᠭᠡ᠂ ᠬᠠᠷᠢᠶᠠᠲᠤ ᠣᠷᠣᠨ ᠤ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠣᠨᠴᠠᠯᠢᠭ ᠲᠠᠢ ᠤᠶᠠᠯᠳᠤᠭᠤᠯᠤᠨ᠂ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ  ᠲᠠᠢ ᠬᠠᠮᠲᠤᠷᠠᠨ ᠪᠥᠬᠦ ᠲᠤᠭᠤᠷᠢᠭ ᠶᠢᠨ ᠠᠳᠠᠯ ᠠᠬᠤᠢ ᠶᠢᠨ ᠠᠵᠤ ᠠᠬᠤᠶᠢᠯᠠᠯ ᠳᠤ ᠭᠠᠯ ᠰᠡᠷᠭᠡᠶᠢᠯᠡᠬᠦ᠂ ᠭᠠᠮᠰᠢᠭ ᠢ ᠰᠡᠷᠭᠡᠶᠢᠯᠡᠬᠦ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠪᠤᠯᠪᠠᠰᠤᠷᠠᠯ ᠬᠢᠵᠦ᠂ ᠨᠡᠶᠢᠲᠡ 60 ᠭᠠᠷᠤᠢ ᠬᠥᠮᠥᠨ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠵᠠᠢ᠃     ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠵᠢᠵᠢᠭ ᠲᠣᠭᠤᠷᠢᠭ ᠤᠨ ᠭᠠᠯ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠪᠣᠳᠠᠲᠠᠢ ᠱᠠᠭᠠᠷᠳᠠᠯᠭ᠎ᠠ ᠶᠢᠨ ᠲᠠᠯ᠎ᠠ ᠪᠠᠷ ᠡᠯ᠎ᠡ ᠠᠳᠠᠯ ᠠᠬᠤᠢ ᠶᠢᠨ ᠠᠵᠤ ᠠᠬᠤᠶᠢᠯᠠᠯ ᠳᠤ ᠭᠠᠯ ᠤᠨ ᠭᠠᠮᠰᠢᠭ ᠤᠨ ᠠᠶᠤᠯᠲᠤ ᠴᠢᠨᠠᠷ᠂ ᠭᠠᠯ ᠤᠨ ᠭᠠᠮᠰᠢᠭ ᠢ ᠰᠡᠷᠭᠡᠶᠢᠯᠡᠬᠦ ᠤᠬᠠᠭᠳᠠᠬᠤᠨ ᠵᠡᠷᠭᠡ ᠶᠢ ᠨᠠᠷᠢᠨ ᠨᠢᠮᠪᠠᠢ ᠲᠠᠶᠢᠯᠪᠦᠷᠢᠯᠠᠪᠠ᠃     ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠪᠣᠳᠠᠲᠤ ᠵᠢᠱᠢᠶ᠎ᠡ ᠶᠢᠨ ᠲᠤᠬᠠᠢ ᠨᠠᠷᠢᠨ ᠲᠠᠶᠢᠯᠤᠮᠵᠢ ᠬᠢᠵᠦ᠂ ᠡᠯ᠎ᠡ ᠠᠳᠠᠯ ᠠᠬᠤᠢ ᠶᠢᠨ ᠠᠵᠤ ᠠᠬᠤᠶᠢᠯᠠᠯ ᠳᠤ ᠭᠠᠯ ᠤᠨ ᠭᠠᠮᠰᠢᠭ ᠤᠨ ᠲᠦᠭᠰᠢᠭᠦᠷᠢᠲᠦ ᠴᠢᠨᠠᠷ᠂ ᠭᠠᠯ ᠤᠨ ᠭᠠᠮᠰᠢᠭ ᠢ ᠰᠡᠷᠭᠡᠶᠢᠯᠡᠬᠦ ᠦᠨᠳᠦᠰᠦᠨ ᠤᠬᠠᠭᠳᠠᠬᠤᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ᠂ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠱᠠᠭᠠᠷᠳᠠᠯᠭ᠎ᠠ ᠵᠡᠷᠭᠡ ᠶᠢ ᠭᠤᠣᠯᠳᠠᠯᠭ᠎ᠠ ᠲᠠᠢ ᠲᠦᠭᠡᠮᠡᠯᠵᠢᠭᠦᠯᠬᠦ ᠶᠢᠨ ᠬᠠᠮᠲᠤ᠂ ᠴᠢᠩᠱᠠᠨ ᠲᠣᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠣᠳᠣᠬᠢ ᠪᠠᠶᠢᠳᠠᠯ ᠢ ᠦᠨᠳᠦᠰᠦᠯᠡᠨ ᠵᠣᠬᠢᠬᠤ ᠠᠵᠢᠯ ᠤᠨ ᠰᠠᠨᠠᠭᠤᠯᠭ᠎ᠠ ᠭᠠᠷᠭᠠᠪᠠ᠃     ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠢᠵᠢᠭ ᠲᠣᠭᠤᠷᠢᠭ ᠤᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠱᠠᠭᠠᠷᠳᠠᠯᠭ᠎ᠠ ᠵᠢᠴᠢ ᠨᠡᠶᠢᠭᠡᠮ ᠲᠣᠭᠤᠷᠢᠭ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠠᠵᠤ ᠠᠬᠤᠶᠢᠯᠠᠯ ᠳᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠣᠳᠣᠬᠢ ᠪᠠᠶᠢᠳᠠᠯ᠂ ᠬᠡᠷᠡᠭᠯᠡᠬᠦ ᠨᠢᠭᠡᠴᠡ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠦᠭᠡᠮᠡᠯᠵᠢᠭᠦᠯᠦᠨ᠂ ᠬᠠᠮᠠᠭᠠᠯᠠᠯᠲᠠ ᠪᠠ ᠠᠳᠠᠯ ᠠᠬᠤᠢ ᠶᠢᠨ ᠬᠠᠷᠢᠴᠠᠭ᠎ᠠ ᠶᠢ ᠲᠣᠳᠣᠷᠬᠠᠶᠢᠯᠠᠬᠤ ᠵᠡᠷᠭᠡ ᠶᠢ ᠭᠤᠣᠯᠳᠠᠯᠭ᠎ᠠ ᠲᠠᠢ ᠶᠠᠷᠢᠪᠠ᠃     ᠪᠤᠯᠪᠠᠰᠤᠷᠠᠯ ᠳᠠᠭᠤᠰᠤᠭᠰᠠᠨ ᠤ ᠳᠠᠷᠠᠭ᠎ᠠ᠂ ᠡᠯ᠎ᠡ ᠠᠳᠠᠯ ᠠᠬᠤᠢ ᠶᠢᠨ ᠠᠵᠤ ᠠᠬᠤᠶᠢᠯᠠᠯ ᠲᠤᠰ ᠤᠳᠠᠭᠠᠨ ᠤ ᠪᠤᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠶᠢ ᠪᠠᠳᠠᠷᠠᠭᠤᠯᠵᠤ᠂ ᠠᠳᠠᠯ ᠠᠬᠤᠢ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠴᠢᠩᠭᠠᠳᠬᠠᠨ᠂ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠶᠡᠷᠦᠩᠬᠡᠶᠢᠯᠡᠭᠰᠡᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠳᠠᠯ ᠠᠬᠤᠢ ᠶᠢᠨ ᠵᠢᠵᠢᠭ ᠲᠣᠭᠤᠷᠢᠭ ᠲᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号