︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾  ᠬᠠᠭᠤᠴᠢᠨ ᠣᠷᠣᠨ ᠰᠠᠭᠤᠴᠠ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠦᠢᠯᠡᠴᠢᠯᠡᠭᠡ ᠶᠡᠷᠦ ᠠᠴᠠ ᠵᠣᠭᠰᠣᠰᠢ ᠦᠭᠡᠢ ᠶᠠᠪᠤᠭᠳᠠᠵᠦ ᠪᠤᠢ
ᠨᠡᠶᠢᠲᠡᠯᠡᠭᠰᠡᠨ ᠴᠠᠭ᠄
2023/2/23
      2013 ᠣᠨ  ᠠᠴᠠ 2018 ᠣᠨ ᠪᠣᠯᠲᠠᠯ᠎ᠠ᠂ ᠴᠢᠩᠱᠠᠨ ᠲᠣᠭᠤᠷᠢᠭ ᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠣᠬᠢᠷᠠᠭᠤᠯᠤᠯᠲᠠ ᠶᠣᠰᠣᠭᠠᠷ᠂ ᠪᠥᠬᠦ ᠲᠤᠭᠤᠷᠢᠭ ᠳᠤ ᠨᠡᠶᠢᠲᠡ 28 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ 15032 ᠡᠷᠦᠬᠡ ᠳᠤ ᠬᠤᠯᠪᠣᠭᠳᠠᠵᠤ᠂ ᠥᠭᠡᠷᠡᠴᠢᠯᠡᠯᠲᠡ ᠶᠢᠨ ᠲᠠᠯᠠᠪᠠᠶ ᠨᠢ 103.79 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ 20 ᠲᠥᠷᠥᠯ ᠵᠦᠢᠯ ᠨᠢ ᠠᠵᠤ ᠠᠬᠤᠶᠢᠯᠠᠯ ᠪᠠ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ ᠶᠢᠨ ᠲᠠᠲᠠᠪᠤᠷᠢᠯᠠᠯᠲᠠ ᠶᠢ ᠪᠡᠶᠡᠯᠡᠭᠦᠯᠵᠦ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠲᠠᠲᠠᠪᠤᠷᠢᠯᠠᠯᠲᠠ ᠶᠢᠨ ᠲᠥᠷᠥᠯ ᠵᠦᠢᠯ ᠨᠡᠶᠢᠲᠡ 8 ᠪᠣᠶ᠃ ᠣᠲᠣ ᠪᠣᠯᠲᠠᠯ᠎ᠠ᠂ 25 ᠲᠥᠷᠥᠯ ᠵᠦᠢᠯ ᠤᠨ ᠲᠥᠪᠬᠢᠨᠡᠭᠦᠯᠬᠦ ᠠᠵᠢᠯ ᠢ ᠨᠢᠭᠡᠨᠲᠡ ᠳᠠᠭᠤᠰᠬᠠᠵᠤ᠂ ᠦᠯᠡᠳᠡᠭᠰᠡᠨ 3 ᠲᠥᠷᠥᠯ ᠵᠦᠢᠯ ᠢ ᠮᠥᠨ ᠬᠦ ᠪᠦᠲᠦᠭᠡᠨ ᠪᠠᠶᠢᠭᠤᠯᠵᠤ ᠪᠠᠶᠢᠭ᠎ᠠ ᠪᠣᠯᠬᠤᠷ ᠠᠵᠢᠯ ᠲᠤᠰᠢᠶᠠᠭᠰᠠᠨ ᠤ ᠳᠠᠷᠠᠭ᠎ᠠ ᠳᠠᠷᠤᠢ ᠲᠥᠪᠬᠢᠨᠡᠭᠦᠯᠬᠦ ᠶᠢ ᠪᠡᠶᠡᠯᠡᠭᠦᠯᠬᠦ ᠪᠣᠯᠣᠨ᠎ᠠ᠃     ᠲᠥᠪᠬᠢᠨᠡᠭᠦᠯᠬᠦ ᠣᠷᠣᠨ ᠰᠠᠭᠤᠴᠠ ᠶᠢᠨ ᠢᠷᠡᠯᠲᠡ ᠶᠢ ᠠᠭᠠᠵᠢᠮ ᠢᠶᠠᠷ ᠲᠤᠰᠢᠶᠠᠨ ᠥᠭᠴᠦ ᠬᠡᠷᠡᠭᠯᠡᠭᠦᠯᠬᠦ ᠶᠢ ᠳᠠᠭᠠᠯᠳᠤᠨ᠂ ᠨᠢᠭᠡᠨᠲᠡ ᠵᠠᠯᠭᠠᠯᠳᠤᠭᠠᠪᠠᠷ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠭᠦᠢᠴᠡᠳᠬᠡᠭᠰᠡᠨ ᠪᠣᠯᠪᠠᠴᠤ ᠬᠡᠯᠡᠯᠴᠡᠭᠡᠷ ᠢᠶᠠᠨ ᠭᠡᠭᠡᠭᠰᠡᠨ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠪᠠ ᠨᠤᠷᠠᠭᠠᠵᠤ ᠨᠡᠭᠦᠯᠭᠡᠬᠦ ᠭᠡᠷ᠎ᠡ ᠨᠢᠭᠡᠳᠦᠯ ᠦᠭᠡᠢ ᠪᠣᠯᠤᠭᠰᠠᠨ ᠵᠡᠷᠭᠡ ᠠᠰᠠᠭᠤᠳᠠᠯ ᠠᠴᠠ ᠪᠣᠯᠵᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠭᠦᠢᠴᠡᠳᠬᠡᠬᠦ ᠶᠢᠨ ᠠᠷᠭ᠎ᠠ ᠦᠭᠡᠢ ᠪᠤᠯᠤᠭᠰᠠᠨ᠂ ᠠᠰᠠᠭᠤᠳᠠᠯ ᠳᠤ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠴᠥᠮ ᠰᠠᠭᠤᠭᠠᠯᠢ ᠠᠷᠠᠳ ᠤᠨ ᠲᠣᠰ ᠪᠡᠶ᠎ᠡ ᠶᠢᠨ ᠠᠰᠢᠭ ᠲᠤᠰᠠ ᠶᠢ ᠬᠠᠮᠤᠭ ᠤᠨ ᠶᠡᠭᠡ ᠪᠣᠯᠭᠠᠬᠤ ᠠᠩᠬᠠᠨ ᠤ ᠵᠣᠷᠢᠯᠲᠠ ᠶᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠲᠣᠬᠢᠲᠠᠢ ᠬᠠᠩᠭᠠᠵᠤ᠂ ᠰᠠᠭᠤᠭᠠᠯᠢ ᠠᠷᠠᠳ ᠢ ᠬᠠᠪᠰᠤᠷᠤᠨ ᠦᠨᠡᠮᠯᠡᠯ ᠠᠪᠬᠤ ᠳᠤ ᠬᠡᠷᠡᠭᠰᠡᠬᠦ ᠮᠠᠲ᠋ᠧᠷᠢᠶᠠᠯ ᠢ ᠪᠡᠯᠡᠳᠭᠡᠵᠡᠢ᠃     ᠹᠠᠨ ᠠᠨᠢᠶ᠎ᠠ ᠪᠣᠯ ᠲᠥᠪᠬᠢᠨᠡᠭᠦᠯᠬᠦ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠭᠦᠢᠴᠡᠳᠬᠡᠭᠴᠢᠳ ᠤᠨ ᠳᠣᠲᠣᠷᠠᠬᠢ ᠨᠢᠭᠡ ᠭᠡᠰᠢᠭᠦᠨ ᠮᠥᠨ᠂ ᠤᠤᠯ ᠨᠢ ᠪᠤᠴᠠᠵᠤ ᠲᠥᠪᠬᠢᠨᠡᠭᠦᠯᠬᠦ ᠪᠠᠷ ᠰᠣᠩᠭᠤᠵᠤ ᠪᠠᠶᠢᠭᠰᠠᠨ ᠪᠣᠯᠪᠠᠴᠤ ᠬᠤᠶᠠᠷ ᠵᠢᠯ ᠤᠨ ᠳᠠᠷᠠᠭ᠎ᠠ ᠭᠡᠨᠡᠳᠲᠡ ᠬᠦᠨᠳᠦ ᠡᠪᠡᠳᠴᠢᠨ ᠳᠤ ᠨᠡᠷᠪᠡᠭᠳᠡᠭᠰᠡᠨ ᠢ ᠣᠯᠵᠤ ᠮᠠᠳᠡᠵᠦ᠂ ᠡᠶᠢᠮᠦ ᠠᠴᠠ ᠵᠣᠭᠤᠰ ᠢᠶᠠᠷ ᠲᠥᠪᠬᠢᠨᠡᠭᠦᠯᠵᠦ᠂ ᠨᠥᠬᠦᠪᠦᠷᠢ ᠶᠢᠨ ᠵᠣᠭᠤᠰ ᠢ ᠠᠯᠢ ᠲᠦᠷᠭᠡᠨ ᠢᠶᠠᠷ ᠣᠯᠵᠤ᠂ ᠡᠪᠡᠳᠴᠢᠨ ᠢᠶᠠᠨ ᠵᠠᠰᠠᠬᠤ ᠳᠤ ᠬᠡᠷᠡᠭᠯᠡᠬᠦ ᠶᠢ ᠬᠦᠰᠡᠵᠦ ᠪᠠᠶᠢᠨ᠎ᠠ᠃ ᠬᠡᠳᠦᠶᠢᠪᠡᠷ ᠲᠠᠲᠠᠪᠤᠷᠢᠯᠠᠬᠤ ᠶᠠᠪᠤᠴᠠ ᠨᠢ ᠠᠯᠢ ᠡᠷᠲᠡ ᠳᠠᠭᠤᠰᠤᠭᠰᠠᠨ ᠪᠣᠯᠪᠠᠴᠤ ᠡᠨᠡ ᠨᠢ ᠠᠮᠢ ᠨᠠᠰᠤᠨ ᠳᠤ ᠬᠤᠯᠪᠣᠭᠳᠠᠬᠤ ᠴᠠᠭ ᠮᠥᠴᠡ ᠳᠤ᠂ ᠨᠥᠬᠦᠪᠦᠷᠢ ᠥᠭᠬᠦ ᠠᠷᠭ᠎ᠠ ᠮᠠᠶ᠋ᠢᠭ  ᠢ ᠬᠤᠪᠢᠷᠠᠭᠤᠯᠬᠤ ᠨᠢ ᠹᠠᠨ ᠠᠨᠢᠶ᠎ᠠ  ᠶᠢᠨ ᠬᠤᠶᠢᠰᠢᠳᠠ  ᠶᠢᠨ ᠠᠮᠢᠳᠤᠷᠠᠯ ᠳᠤ ᠴᠢᠬᠤᠯᠠ ᠶᠡᠭᠡ ᠨᠥᠯᠥᠭᠡ ᠦᠵᠡᠭᠦᠯᠵᠦ ᠮᠡᠳᠡᠨ᠎ᠡ ᠭᠡᠳᠡᠭ  ᠢ ᠪᠣᠳᠣᠯᠬᠢᠯᠠᠭᠠᠳ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ  ᠶᠢᠨ ᠲᠣᠪᠴᠢᠶ᠎ᠠ  ᠠᠴᠠ ᠲᠥᠷᠥ  ᠶᠢᠨ ᠪᠣᠳᠣᠯᠭ᠎ᠠ᠂ ᠬᠠᠤᠯᠢ ᠴᠠᠭᠠᠵᠠ  ᠶᠢᠨ ᠵᠥᠪᠰᠢᠶᠡᠷᠡᠬᠦ ᠬᠡᠪᠴᠢᠶᠡᠨ ᠳᠤ ᠨᠥᠬᠦᠪᠦᠷᠢ ᠥᠭᠬᠦ ᠠᠷᠭ᠎ᠠ ᠮᠠᠶ᠋ᠢᠭ  ᠢ ᠨᠢ ᠬᠤᠪᠢᠷᠠᠭᠤᠯᠵᠤ ᠥᠭᠭᠦᠭᠰᠡᠨ ᠪᠥᠭᠡᠳ ᠬᠠᠮᠤᠭ ᠤᠨ ᠲᠦᠷᠭᠡᠨ ᠬᠤᠷᠳᠤᠴᠠ ᠪᠠᠷ ᠲᠥᠯᠥᠪᠦᠷᠢ ᠦᠭᠴᠡᠢ᠃     ᠳᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠨ ᠡᠵᠡᠮᠰᠢᠵᠦ᠂ ᠠᠷᠠᠳ ᠲᠦᠮᠡᠨ ᠳᠤ ᠨᠡᠩ ᠰᠠᠶᠢᠨ ᠦᠢᠯᠡᠴᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号