ᠨᠣᠮ ᠤᠨ ᠰᠤᠷᠪᠤᠯᠵᠢᠲᠤ ᠬᠠᠶᠢᠷ᠎ᠠ ᠶᠢ ᠤᠯᠠᠮᠵᠢᠯᠠᠨ      ᠬᠠᠶᠢᠷ᠎ᠠ ᠬᠠᠯᠠᠮᠵᠢ ᠶᠢᠨ ᠨᠣᠮ ᠪᠢᠴᠢᠭ ᠢ ᠬᠠᠨᠳᠢᠪᠯᠠᠪᠠ
ᠨᠡᠶᠢᠲᠡᠯᠡᠭᠰᠡᠨ ᠴᠠᠭ᠄
2023/2/24
      ᠣᠶᠢᠷ᠎ᠠ ᠳᠤ᠂ ᠬᠤᠰᠢᠭᠤᠴᠢ ᠵᠠᠮ ᠶᠢᠨ ᠵᠡᠭᠡᠯᠢ ᠭᠤᠳᠤᠮᠵᠢ ᠶᠢᠨ ᠪᠧᠢ ᠵᠢᠶᠠ ᠨᠡᠶᠢᠭᠡᠮ ᠲᠣᠭᠤᠷᠢᠭ ᠤᠨ ᠬᠢᠨ ᠴᠢᠩᠱᠠᠨ ᠲᠣᠭᠤᠷᠢᠭ ᠤᠨ ᠨᠠᠮ ᠤᠨ ᠪᠠᠶᠢᠭᠤᠯᠤᠯᠲᠠ· ᠬᠠᠶᠢᠷ᠎ᠠ ᠬᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠴᠤᠭᠯᠠᠭᠠᠨ ᠲᠠᠢ ᠬᠠᠮᠲᠤᠷᠠᠨ ᠬᠠᠶᠢᠷ᠎ᠠ ᠬᠠᠯᠠᠮᠵᠢ ᠶᠢᠨ ᠨᠣᠮ ᠪᠢᠴᠢᠭ ᠬᠠᠨᠳᠢᠪᠯᠡᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ᠂ ᠪᠧᠢ ᠵᠢᠶᠠ ᠨᠡᠶᠢᠭᠡᠮ ᠲᠣᠭᠤᠷᠢᠭ ᠤᠨ ᠬᠢᠨ ᠴᠢᠩᠱᠠᠨ ᠲᠣᠭᠤᠷᠢᠭ ᠤᠨ ᠨᠠᠮ ᠤᠨ ᠪᠠᠶᠢᠭᠤᠯᠤᠯᠲᠠ· ᠬᠠᠶᠢᠷ᠎ᠠ ᠬᠠᠯᠠᠮᠵᠢ ᠨᠡᠶᠢᠲᠡ ᠶᠢᠨ ᠠᠰᠠᠷᠠᠮᠵᠢ ᠶᠢᠨ ᠴᠤᠭᠯᠠᠭᠠᠨ ᠤ ᠬᠠᠨᠳᠢᠪᠯᠡᠭ᠌ᠰᠠᠨ 150 ᠳᠡᠪᠲᠡᠷ ᠨᠣᠮ ᠪᠢᠴᠢᠭ ᠢ ᠭᠥᠯᠢᠶᠡᠨ ᠠᠪᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠭᠠᠳᠠᠨᠠᠬᠢ ᠬᠠᠪᠰᠤᠷᠤᠨ ᠵᠢᠯᠤᠭᠤᠳᠬᠤ ᠳᠤ ᠬᠡᠷᠡᠭᠯᠡᠬᠦ ᠨᠣᠮ᠂ ᠤᠳᠬ᠎ᠠ ᠵᠣᠬᠢᠶᠠᠯ ᠤᠷᠠᠯᠢᠭ ᠤᠨ ᠲᠥᠷᠥᠯ᠂ ᠰᠤᠷᠭᠠᠨ ᠬᠥᠮᠦᠵᠢᠯ ᠤᠨ ᠲᠥᠷᠥᠯ ᠵᠡᠷᠭᠡ ᠠᠭᠤᠯᠭ᠎ᠠ ᠶᠢ ᠬᠠᠮᠤᠷᠴᠤ᠂ ᠨᠡᠶᠢᠭᠡᠮ ᠲᠣᠭᠤᠷᠢᠭ ᠤᠨ ᠨᠣᠮ ᠤᠩᠰᠢᠬᠤ ᠪᠤᠯᠤᠩ ᠤᠨ ᠨᠣᠮ ᠪᠢᠴᠢᠭ ᠤᠨ ᠶᠡᠷᠦᠩᠬᠡᠢ ᠬᠡᠮᠵᠢᠶ᠎ᠡ ᠪᠠ ᠨᠣᠮ ᠪᠢᠴᠢᠭ ᠤᠨ ᠲᠥᠷᠥᠯ ᠵᠦᠢᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号