ᠴᠢᠩᠱᠠᠨ ᠵᠠᠰᠠᠭ ᠠᠯᠪᠠᠨ ᠲᠠᠷᠬᠠᠭᠠᠭᠰᠠᠨ ﹇2023﹈ 2 ᠳ᠋ᠤᠭᠠᠷ ᠲᠣᠭᠠᠲᠤ | | ︽ᠴᠢᠩᠱᠠᠨ ᠲᠣᠭᠤᠷᠢᠭ ᠤᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠢ ᠵᠠᠰᠠᠯᠲᠠ ᠶᠢᠨ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠳᠤ᠄ | ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠣᠲᠣ ︽ᠴᠢᠩᠱᠠᠨ ᠲᠣᠭᠤᠷᠢᠭ ᠤᠨ | ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ | ᠲᠤᠰᠬᠠᠢ ᠵᠠᠰᠠᠯᠲᠠ ᠶᠢᠨ ᠠᠵᠢᠯᠯᠠᠭ᠎ᠠ ᠶᠢᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 2 ᠰᠠᠷ᠎ᠠ ᠶᠢᠨ 27 ᠤ ᠡᠳᠦᠷ | | ᠴᠢᠩᠱᠠᠨ ᠲᠣᠭᠤᠷᠢᠭ ᠤᠨ ᠰᠣᠶᠣᠯ ᠤᠷᠠᠯᠢᠭ ᠤᠨ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠶᠢᠨ ᠲᠤᠰᠬᠠᠢ ᠵᠠᠰᠠᠯᠲᠠ ᠶᠢᠨ ᠠᠵᠢᠯᠯᠠᠭ᠎ᠠ ᠶᠢᠨ ᠲᠥᠰᠥᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠢ ᠰᠠᠨᠠᠯ︾᠂ ᠥᠪᠡᠷᠲᠡᠭᠡᠨ ᠵᠠᠰᠠᠬᠤ | ᠣᠷᠣᠨ ᠤ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ | ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠢ | ᠬᠡᠷᠡᠭᠵᠢᠭᠦᠯᠬᠦ ᠲᠥᠰᠥᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠣᠷᠳᠣ ᠬᠤᠭᠤᠴᠠᠭᠠᠨ ᠤ ᠪᠠᠶᠢᠩᠭᠤ ᠶᠢᠨ ᠪᠦᠲᠦᠮᠵᠢᠲᠡᠶ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠤᠨ | ᠱᠠᠭᠠᠷᠳᠠᠯᠭ᠎ᠠ ᠶᠣᠰᠣᠭᠠᠷ᠂ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ | ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ | ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠶᠣᠰᠣ ᠮᠣᠷᠠᠯ ᠢ ᠪᠣᠶ ᠪᠣᠯᠭᠠᠨ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ᠂ | ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠮᠠᠨ ᠤ ᠲᠤᠭᠤᠷᠢᠭ ᠤᠨ ᠰᠣᠶᠣᠯ ᠤᠷᠠᠯᠢᠭ ᠤᠨ ᠲᠥᠷᠥᠯ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠢ ᠵᠠᠰᠠᠯᠲᠠ ᠶᠢᠨ ᠠᠵᠢᠯ ᠢ | ᠲᠦᠷᠭᠡᠳᠬᠡᠨ ᠠᠬᠢᠭᠤᠯᠵᠤ᠂ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠣᠯᠠᠨ ᠶᠠᠩᠵᠤ ᠶᠢᠨ ᠠᠷᠭ᠎ᠠ | ᠪᠠᠷᠢᠯ ᠢᠶᠠᠷ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠵᠢᠯ | ᠲᠥᠷᠥᠯ ᠤᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠴᠢᠩᠱᠠᠨ ᠲᠣᠭᠤᠷᠢᠭ ᠤᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠢ ᠵᠠᠰᠠᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠪᠦᠷᠢᠯᠳᠦᠭᠦᠨ ᠤ ᠨᠡᠷᠡᠰ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠯᠢ ᠶᠦᠩ ᠭᠠᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠭᠦᠸᠧ ᠢᠦᠢ ᠹᠧᠩ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠳᠡᠳ᠋ ᠡᠷᠬᠢᠯᠡᠭᠴᠢ | ᠫᠠᠨ ᠯᠦ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠳᠠᠷᠤᠭ᠎ᠠ | ᠪᠦᠷᠢᠯᠳᠦᠭᠦᠨ᠄ ᠲᠠᠢ ᠯᠢᠶᠠᠨ ᠹᠧᠩ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ | ᠰᠦᠨ ᠰᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ | ᠮᠠ ᠴᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠬᠡᠷᠡᠭ | ᠶᠠᠪᠤᠳᠠᠯ ᠤᠨ ᠦᠢᠯᠡᠴᠢᠯᠡᠭᠡᠨ ᠤ ᠲᠦᠪ ᠤᠨ ᠳᠤᠯᠤᠳᠤᠭᠠᠷ ᠳᠡᠰ ᠤᠨ ᠠᠵᠢᠯᠲᠠᠨ | ᠵᠦ ᠶᠠᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠳᠡᠳ᠋ ᠳᠠᠷᠤᠭ᠎ᠠ | ᠸᠠᠩ ᠢᠩ ᠬᠦᠴᠦᠷᠬᠡᠭᠵᠢᠯ ᠵᠠᠮ ᠤᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ | ᠵᠠᠩ ᠭᠠᠢ ᡁᠢ ᠵᠤᠯ ᠵᠢᠷᠭᠠᠯᠲᠦ ᠵᠠᠮ ᠤᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ | ᠭᠧ ᡁᠢ ᠭᠠᠩ ᠴᠢᠯᠦᠭᠡᠲᠦ ᠵᠠᠮ ᠤᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ | ᠯᠢᠦ ᠯᠢ ᠮᠦᠩᠬᠡᠵᠢᠯ ᠵᠠᠮ ᠤᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ | ᠰᠢᠦᠢ ᠶᠦᠨ ᠬᠤᠩ ᠰᠢᠨᠵᠢᠯᠡᠬᠦ ᠤᠬᠠᠭᠠᠨᠴᠢ ᠵᠠᠮ ᠤᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ | ᠭᠡᠰᠢᠭᠦᠨ | ᠵᠠᠩ ᠢᠩ ᠬᠤᠰᠢᠭᠤᠴᠢ ᠵᠠᠮ ᠤᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ | ᠼᠤᠤ ᠶᠤᠸᠠᠢ ᠵᠢᠤᠸᠠᠨ ᠴᠢᠩᠱᠠᠨ ᠵᠠᠮ ᠤᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ | ᠸᠠᠩ ᠶᠠ ᠬᠤᠩ ᠤᠰᠤᠲᠤ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠭᠡᠰᠢᠭᠦᠨ | ᠳ᠋ᠦᠩ ᠶᠠᠨ ᠴᠢᠩ ᠹᠦ᠋ ᠪᠠᠯᠭᠠᠰᠤᠨ ᠤ ᠳᠡᠳ᠋ ᠳᠠᠷᠤᠭ᠎ᠠ | ᠯᠢ ᠸᠧᠨ ᠳ᠋ᠡ ᠰᠢᠩ ᠱᠧᠩ ᠪᠠᠯᠭᠠᠰᠤᠨ ᠤ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ | ᠭᠡᠰᠢᠭᠦᠨ | ᠸᠠᠩ ᠿᠦᠢ ᠹᠧᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ | ᠳᠡᠳ᠋ ᠳᠠᠷᠤᠭ᠎ᠠ | ᠸᠠᠩ ᠴᠤᠤ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠳᠡᠳ᠋ | ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠤᠬᠢᠷᠠᠭᠤᠯᠵᠤ᠂ ᠠᠯᠪᠠᠨ ᠭᠡᠷ ᠢ ᠲᠣᠭᠤᠷᠢᠭ ᠤᠨ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠪᠠᠶᠢᠷᠢᠯᠠᠭᠤᠯᠵᠤ᠂ ᠲᠣᠭᠤᠷᠢᠭ ᠤᠨ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠲᠠᠢ ᠯᠢᠶᠠᠨ ᠹᠧᠩ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠎ᠡ᠃ | ᠭᠤᠷᠪᠠ ᠠᠵᠢᠯ ᠤᠨ ᠡᠭᠦᠷᠭᠡ | ︵ᠨᠢᠭᠡ︶ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠦᠨ᠎ᠡ | 1᠂ ᠰᠤᠷᠬᠤ ᠨᠠᠰᠤᠨ ᠠᠴᠠ ᠡᠮᠦᠨᠡᠬᠢ ᠬᠡᠦᠬᠡᠳ ᠲᠤ ᠬᠠᠨᠳᠤᠭᠤᠯᠤᠭᠰᠠᠨ ᠰᠣᠶᠣᠯ ᠤᠷᠠᠯᠢᠭ ᠤᠨ ᠲᠥᠷᠥᠯ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠳᠠᠭᠢᠵᠤ ᠰᠢᠨ᠎ᠡ ᠪᠠᠷ ᠬᠢᠨᠠᠨ ᠵᠥᠪᠰᠢᠶᠡᠷᠡᠬᠦ | ᠦᠭᠡᠢ᠃ | 2᠂ ᠳᠤᠮᠳᠠᠳᠤ ᠪᠠᠭ᠎ᠠ ᠰᠤᠷᠭᠠᠭᠤᠯᠢ ᠪᠠ ᠰᠤᠷᠬᠤ ᠨᠠᠰᠤᠨ ᠤ ᠬᠡᠦᠬᠡᠳ ᠲᠤ ᠬᠠᠨᠳᠤᠭᠤᠯᠤᠭᠰᠠᠨ ᠰᠣᠶᠣᠯ | ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ 2023 ᠣᠨ ᠤ 3 ᠰᠠᠷ᠎ᠠ ᠠᠴᠠ ᠡᠬᠢᠯᠡᠨ | ᠣᠨ ᠤ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠦᠨ᠎ᠡ᠃ | 3᠂ ᠦᠨᠡᠮᠯᠡᠯ ᠢᠶᠠᠷ ᠪᠦᠷᠢᠨ ᠭᠦᠢᠴᠡᠳ ᠰᠦᠯᠵᠢᠶᠡᠨ ᠭᠠᠳᠠᠨᠠᠬᠢ ᠰᠣᠶᠣᠯ ᠤᠷᠠᠯᠢᠭ ᠤᠨ ᠲᠥᠷᠥᠯ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ︽ᠪᠤᠭᠤᠲᠤ ᠬᠤᠲᠠ ᠶᠢᠨ ᠰᠣᠶᠣᠯ | ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠬᠢᠷᠠᠭᠤᠯᠬᠤ | ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︽ᠪᠤᠭᠤᠲᠤ ᠬᠤᠲᠠ ᠶᠢᠨ ᠰᠣᠶᠣᠯ ᠤᠷᠠᠯᠢᠭ ᠤᠨ ᠲᠥᠷᠥᠯ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠴᠤᠪᠤᠷᠠᠯ ︵ᠲᠤᠷᠰᠢᠨ | ᠬᠡᠷᠡᠭᠵᠢᠭᠦᠯᠬᠦ︶︾ ᠶᠣᠰᠣᠭᠠᠷ ᠳᠠᠬᠢᠨ ᠬᠢᠨᠠᠨ ᠬᠠᠷᠭᠤᠭᠤᠯᠵᠤ ᠲᠡᠮᠳᠡᠭᠯᠡᠨ᠎ᠡ᠃ | ︵ᠬᠤᠶᠠᠷ︶ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠣᠭᠲᠠᠭᠠᠯ | ᠠᠴᠠ ᠵᠥᠷᠢᠴᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠤᠨ ᠲᠤᠰᠬᠠᠢ ᠴᠡᠭᠴᠡᠯᠡᠨ ᠵᠠᠰᠠᠯᠲᠠ ᠶᠢ | ᠦᠷᠨᠢᠭᠦᠯᠦᠨ᠎ᠡ | ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠰᠣᠶᠣᠯ ᠤᠷᠠᠯᠢᠭ ᠤᠨ | ᠪᠣᠯᠪᠠᠰᠤᠷᠠᠭᠤᠯᠤᠯ ᠤᠨ ᠨᠡᠷ᠎ᠡ ᠪᠠᠷ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ᠂ ᠬᠡᠯᠡ ᠪᠢᠴᠢᠭ᠂ ᠲᠣᠭᠠᠨ ᠤ | ᠤᠬᠠᠭᠠᠨ᠂ ᠭᠠᠳᠠᠭᠠᠳᠤ ᠬᠡᠯᠡ ︵ᠠᠩᠭ᠍ᠯᠢ ᠬᠡᠯᠡ᠂ ᠶᠠᠫᠤᠨ ᠬᠡᠯᠡ᠂ ᠣᠷᠣᠰ ᠬᠡᠯᠡ︶᠂ ᠹᠢᠽᠢᠺ᠂ ᠬᠢᠮᠢ᠂ ᠠᠮᠢᠳᠤ ᠪᠣᠳᠠᠰ᠂ | ᠲᠡᠦᠬᠡ᠂ ᠭᠠᠵᠠᠷ ᠵᠦᠢ ᠵᠡᠷᠭᠡ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠡᠷᠭᠢᠯᠡᠬᠦ ᠶᠢ ᠴᠢᠩᠭ᠎ᠠ ᠴᠠᠭᠠᠵᠠᠯᠠᠨ᠎ᠠ᠃ | | ︵ᠭᠤᠷᠪᠠ︶ ᠬᠠᠤᠯᠢ ᠲᠣᠭᠲᠠᠭᠠᠯ ᠠᠴᠠ ᠵᠥᠷᠢᠴᠡᠨ ᠰᠣᠶᠣᠯ ᠤᠷᠠᠯᠢᠭ ᠤᠨ ᠲᠥᠷᠥᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠡᠷᠭᠢᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠥᠷᠨᠢᠭᠦᠯᠦᠨ᠎ᠡ | 1᠂ ᠦᠨᠡᠮᠯᠡᠯ ᠦᠭᠡᠢ ︵ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ ᠪᠤᠶᠤ ᠬᠢᠨᠠᠨ ᠵᠥᠪᠰᠢᠶᠡᠷᠡᠭᠰᠡᠨ | ᠪᠢᠴᠢᠭ᠂ ᠡᠵᠡᠩᠨᠡᠯᠲᠡ ᠶᠢᠨ ᠦᠨᠡᠮᠯᠡᠯ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ | ᠳᠡᠩᠰᠡᠯᠡᠨ ᠲᠡᠮᠳᠡᠭᠯᠡᠭᠰᠡᠨ ᠦᠨᠡᠮᠯᠡᠯ︶᠂ ᠦᠨᠡᠮᠯᠡᠯ ᠨᠢ ᠪᠦᠷᠢᠨ ᠪᠤᠰᠤ ᠪᠣᠯᠪᠠᠴᠤ ᠰᠣᠶᠣᠯ ᠤᠷᠠᠯᠢᠭ ᠤᠨ ᠲᠥᠷᠥᠯ ᠤᠨ | ᠪᠣᠯᠪᠠᠰᠤᠷᠠᠭᠤᠯᠤᠯ ᠢ ᠪᠣᠳᠠᠲᠠᠢ ᠥᠷᠨᠢᠭᠦᠯᠦᠭᠰᠡᠨ ᠡᠷᠦᠢ ᠬᠤᠷᠤᠢ ᠦᠭᠡᠢ ᠦᠵᠡᠭᠳᠡᠯ ᠵᠢᠴᠢ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠳᠡᠩᠰᠡᠯᠡᠨ ᠲᠡᠮᠳᠡᠭᠯᠡᠭᠰᠡᠨ ᠵᠦᠢᠯᠡᠰ ᠪᠠ | ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢᠨ ᠶᠣᠰᠣᠭᠠᠷ ᠪᠣᠯᠪᠠᠰᠤᠷᠠᠭᠤᠯᠤᠯ ᠥᠷᠨᠢᠭᠦᠯᠦᠭᠰᠡᠨ ᠦᠭᠡᠢ ᠵᠡᠷᠭᠡ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | 2᠂ ︽ᠨᠢᠭᠡ ᠴᠡᠭ ᠨᠢᠭᠡ ᠦᠨᠡᠮᠯᠡᠯ︾ ᠤᠨ ᠳᠡᠩᠰᠡᠯᠡᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠬᠢᠨᠠᠨ | ᠵᠥᠪᠰᠢᠶᠡᠷᠡᠬᠦ ᠨᠥᠬᠦᠴᠡᠯ᠂ ᠪᠠᠷᠢᠮᠵᠢᠶ᠎ᠠ᠂ ᠲᠠᠰ ᠳᠠᠷᠠᠭᠠᠯᠠᠯ ᠵᠢᠴᠢ ᠳᠡᠩᠰᠡᠯᠡᠨ ᠲᠡᠮᠳᠡᠭᠯᠡᠬᠦ ᠴᠤᠪᠤᠷᠠᠯ ᠢ ᠴᠢᠩᠭ᠎ᠠ | ᠵᠢᠷᠤᠮᠵᠢᠭᠤᠯᠵᠤ᠂ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠣᠯᠠᠨ ᠬᠠᠶ᠋ᠢᠭ ᠲᠤ ᠪᠣᠯᠪᠠᠰᠤᠷᠠᠭᠤᠯᠤᠯ ᠥᠷᠨᠢᠭᠦᠯᠦᠭᠰᠡᠨ | ᠦᠶᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ | 3᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ | ᠳᠠᠭᠤᠰᠬᠤ ᠴᠠᠭ ᠢ 20:30 ᠠᠴᠠ ᠬᠡᠲᠦᠷᠡᠭᠦᠯᠵᠦ ᠪᠣᠯᠬᠤ ᠦᠭᠡᠢ᠃ | ︵ᠳᠥᠷᠪᠡ︶ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠠᠭᠰᠢ ᠤᠷᠢᠨ | ᠬᠡᠷᠡᠭᠯᠡᠬᠦ ᠳᠤ ᠵᠢᠷᠤᠮᠵᠢᠯ ᠦᠭᠡᠢ ᠦᠶᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠦᠨ᠎ᠡ | 1᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠵᠣᠬᠢᠬᠤ ᠪᠠᠭᠰᠢ ᠶᠢᠨ | ᠬᠢᠷᠢ ᠬᠡᠮ ᠤᠨ ᠦᠨᠡᠮᠯᠡᠯ ᠣᠯᠣᠭᠰᠠᠨ ᠦᠭᠡᠢ ᠪᠤᠶᠤ ᠵᠣᠬᠢᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠭᠰᠢ ᠶᠢ | ᠤᠷᠢᠨ ᠬᠡᠷᠡᠭᠯᠡᠵᠦ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠳᠤ ᠣᠷᠣᠯᠴᠠᠭᠤᠯᠬᠤ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | 2᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠡᠯᠰᠡᠨ ᠬᠡᠷᠡᠭᠯᠡᠬᠦ ᠪᠠᠷ | ᠪᠠᠶᠢᠭ᠎ᠠ ᠠᠵᠢᠯᠲᠠᠨ ᠪᠠ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠪᠠᠶᠢᠭᠤᠯᠤᠮᠵᠢ ᠶᠢᠨ ᠲᠠᠯᠠᠪᠤᠷ ᠲᠤ | ᠲᠣᠮᠢᠯᠠᠨ ᠠᠵᠢᠯᠯᠠᠭᠤᠯᠬᠤ ᠪᠠᠷ ᠪᠠᠶᠢᠭ᠎ᠠ ᠬᠥᠮᠥᠰ ᠲᠤ ᠪᠡᠯᠭᠡ ᠶᠢᠨ ᠬᠠᠯᠳᠠᠯᠭ᠎ᠠ ᠬᠢᠭᠰᠡᠨ ᠡᠰᠡᠬᠦ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠦᠭᠡᠢ ᠦᠶᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠨ᠎ᠡ᠃ | 3᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠪᠠᠶᠢᠭᠤᠯᠤᠮᠵᠢ ᠶᠢᠨ | ᠪᠣᠯᠪᠠᠰᠤᠷᠠᠭᠤᠯᠤᠯ ᠤᠨ ᠲᠠᠯᠠᠪᠤᠷ ᠭᠠᠵᠠᠷ ᠵᠢᠴᠢ ᠲᠠᠪᠴᠠᠩ᠂ ᠰᠦᠯᠵᠢᠶᠡᠨ ᠥᠷᠲᠡᠭᠡ ᠶᠢᠨ ᠢᠯᠡᠷᠬᠡᠢ ᠪᠠᠶᠢᠷᠢᠨ ᠳᠤ | ᠵᠢᠭᠠᠨ ᠰᠤᠷᠭᠠᠬᠤ᠂ ᠵᠢᠭᠠᠨ ᠰᠤᠳᠤᠯᠬᠤ ᠠᠵᠢᠯᠲᠠᠨ ᠤ ᠦᠨᠳᠦᠰᠦᠨ ᠮᠡᠳᠡᠭᠡ ᠵᠠᠩᠭᠢ ︵ᠣᠪᠣᠭ ᠨᠡᠷ᠎ᠡ᠂ ᠬᠡᠷᠡᠯ ᠵᠢᠷᠤᠭ | ᠵᠡᠷᠭᠡ︶᠂ ᠪᠠᠭᠰᠢ ᠶᠢᠨ ᠬᠢᠷᠢ ᠬᠡᠮ᠂ ᠪᠠᠭᠰᠢᠯᠠᠭᠰᠠᠨ ᠥᠩᠭᠡᠷᠡᠯᠲᠡ᠂ ᠪᠠᠭᠰᠢᠯᠠᠭᠰᠠᠨ ᠬᠢᠴᠢᠶᠡᠯ ᠵᠡᠷᠭᠡ ᠮᠡᠳᠡᠭᠡ ᠵᠠᠩᠭᠢ ᠶᠢ | ᠢᠯᠡ ᠨᠡᠶᠢᠲᠡᠯᠡᠭᠰᠡᠨ ᠦᠭᠡᠢ᠂ ᠪᠥᠬᠦ ᠤᠯᠤᠰ ᠤᠨ ᠨᠢᠭᠡᠳᠦᠯᠲᠡᠢ ᠬᠢᠨᠠᠨ ᠬᠠᠮᠢᠶᠠᠷᠬᠤ ᠲᠠᠪᠴᠠᠩ ᠳᠤ ᠴᠠᠭ ᠲᠤᠬᠠᠢ ᠳᠤᠨᠢ | ᠳᠠᠩᠰᠠᠯᠠᠭᠤᠯᠤᠭᠰᠠᠨ ᠦᠭᠡᠢ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | 4᠂ ᠬᠢᠯᠢ ᠶᠢᠨ ᠳᠣᠲᠣᠷ᠎ᠠ ᠪᠠᠶᠢᠭ᠎ᠠ ᠭᠠᠳᠠᠭᠠᠳᠤ ᠶᠢᠨ ᠬᠠᠷᠢᠶ᠎ᠠ ᠲᠠᠢ ᠬᠥᠮᠥᠰ ᠢ ᠤᠷᠢᠵᠤ ᠵᠣᠬᠢᠬᠤ ᠠᠵᠢᠯ | ᠡᠷᠭᠢᠯᠡᠬᠦ ᠬᠢᠷᠢ ᠬᠡᠮ ᠤᠨ ᠦᠨᠡᠮᠯᠡᠯ ᠣᠯᠣᠭᠰᠠᠨ ᠦᠭᠡᠢ ᠪᠠᠷ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ | ᠥᠷᠨᠢᠭᠦᠯᠦᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ︵ᠲᠠᠪᠤ︶ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠷᠤᠮᠵᠢᠯ ᠦᠭᠡᠢ | ᠵᠢᠭᠠᠬᠤ ᠮᠠᠲ᠋ᠧᠷᠢᠶᠠᠯ ᠭᠡᠷᠡᠭᠯᠡᠭᠰᠡᠳ ᠢ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠦᠨ᠎ᠡ | 1᠂ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠶᠢᠨ | ᠭᠠᠳᠠᠨᠠᠬᠢ ᠵᠢᠭᠠᠬᠤ ᠮᠠᠲ᠋ᠧᠷᠢᠶᠠᠯ ᠢ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | 2᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠥᠪᠡᠷ ᠢᠶᠠᠨ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠡᠭᠡᠨ ᠱᠠᠭᠠᠷᠳᠠᠯᠭ᠎ᠠ ᠶᠣᠰᠣᠭᠠᠷ ᠳᠣᠲᠣᠭᠠᠳᠤ ᠳᠠᠭᠠᠨ ᠬᠢᠨᠠᠨ | ᠬᠠᠷᠭᠤᠭᠤᠯᠤᠭᠰᠠᠨ ᠦᠭᠡᠢ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | ︵ᠵᠢᠷᠭᠤᠭ᠎ᠠ︶ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢᠨ ᠲᠤᠰᠬᠠᠢ | ᠵᠠᠰᠠᠯᠲᠠ ᠶᠢ ᠥᠷᠨᠢᠭᠦᠯᠦᠨ᠎ᠡ | 1᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠤᠯᠤᠰ ᠤᠨ ᠰᠤᠷᠭᠠᠨ | ᠬᠥᠮᠦᠵᠢᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ | ᠲᠣᠭᠲᠠᠭᠠᠭᠰᠠᠨ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠦᠢᠯᠡᠴᠢᠯᠡᠭᠡᠨ ᠤ ᠭᠡᠷ᠎ᠡ ︵ᠵᠢᠱᠢᠶ᠎ᠡ ᠦᠵᠡᠭᠦᠯᠬᠦ ᠪᠢᠴᠢᠭ︶︾ ᠶᠢ ᠨᠢᠭᠡᠳᠦᠯᠲᠡᠢ ᠬᠡᠷᠡᠭᠯᠡᠬᠦ ᠶᠢ | ᠨᠠᠶᠢᠳᠠᠪᠤᠷᠢᠵᠢᠭᠤᠯᠬᠤ ᠶᠢᠨ ᠬᠠᠮᠲᠤ ᠣᠨ ᠤ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠤᠯᠤᠨ᠎ᠠ᠃ ᠰᠣᠶᠣᠯ | ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠡᠷ᠎ᠡ ᠲᠣᠭᠲᠠᠭᠰᠠᠨ ᠵᠢᠷᠤᠮᠵᠢᠯ ᠦᠭᠡᠢ | ᠦᠶᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠭᠡᠷ᠎ᠡ ᠶᠢᠨ | ᠵᠢᠭᠤᠷᠠᠯᠳᠤᠭᠠᠨ ᠢ ᠠᠷᠢᠯᠭᠠᠨ᠎ᠠ᠃ | 2᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠷ ᠮᠡᠳᠡᠭᠡ | ᠤᠬᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠳᠠᠯ ᠬᠠᠭᠤᠷᠮᠠᠭ ᠵᠠᠷ ᠮᠡᠳᠡᠭᠡ᠂ ᠬᠤᠳᠠᠯ ᠬᠠᠭᠤᠷᠮᠠᠭ | ᠤᠬᠠᠭᠤᠯᠭ᠎ᠠ ᠶᠢᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ | ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | 3᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ | ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠯ᠎ᠡ ᠲᠥᠷᠥᠯ ᠤᠨ ᠦᠨ᠎ᠡ ᠬᠠᠩᠰᠢ ᠶᠢᠨ | ᠮᠡᠬᠡᠯᠡᠯ᠂ ᠬᠠᠤᠯᠢ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠬᠠᠤᠯᠢ | ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡ ᠨᠡᠶᠢᠲᠡᠯᠡᠬᠦ ᠦᠭᠡᠢ᠂ ᠦᠨᠡᠮᠯᠡᠯ ᠦᠭᠡᠢ ᠪᠠᠷ | ᠰᠦᠢᠳᠬᠡᠯ ᠬᠤᠷᠢᠶᠠᠬᠤ᠂ ᠡᠯᠳᠡᠪ ᠨᠡᠷ᠎ᠡ᠂ ᠳᠤᠷ᠎ᠠ ᠪᠠᠷ ᠢᠶᠠᠨ ᠪᠠᠷᠢᠮᠵᠢᠶ᠎ᠠ ᠲᠣᠭᠲᠠᠭᠠᠬᠤ᠂ ᠫᠢᠶᠣᠣ ᠪᠠᠷᠢᠮᠲᠠ ᠥᠯᠥ | ᠭᠠᠷᠭᠠᠵᠤ ᠥᠭᠬᠦ ᠵᠡᠷᠭᠡ ᠦᠶᠯᠡ ᠠᠵᠢᠯᠯᠠᠭ᠎ᠠ ᠶᠢ ᠵᠠᠰᠠᠨ᠎ᠠ᠃ | 4᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠤᠷᠢᠳᠴᠢᠯᠠᠨ | ᠰᠦᠢᠳᠬᠡᠯ ᠬᠤᠷᠢᠶᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠪᠠᠶᠢᠭᠤᠯᠤᠭᠰᠠᠨ ᠦᠭᠡᠢ᠂ | ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠴᠢᠳᠠᠮᠵᠢ ᠶᠢ ᠨᠡᠭᠡᠭᠡᠭᠰᠡᠨ ᠦᠭᠡᠢ ᠪᠤᠶᠤ ᠲᠦᠭᠰᠢᠭᠦᠷᠢ ᠶᠢᠨ ᠪᠠᠲᠤᠯᠠᠭ᠎ᠠ ᠶᠢᠨ | ᠮᠥᠩᠭᠦ ᠶᠢᠨ ᠲᠤᠰᠬᠠᠢ ᠲᠠᠩᠰᠠᠨ ᠡᠷᠦᠬᠡ ᠪᠠᠶᠢᠭᠤᠯᠤᠭᠰᠠᠨ ᠦᠭᠡᠢ ᠵᠡᠷᠭᠡ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠳᠤ ᠥᠯᠥ ᠬᠠᠮᠵᠢᠯᠴᠠᠬᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | 5᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠱᠠᠭᠠᠷᠳᠠᠯᠭ᠎ᠠ | ᠶᠣᠰᠣᠭᠠᠷ ︽ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢᠨ ᠲᠠᠪᠴᠠᠩ︾ ᠤᠨ ᠪᠡᠯᠡ ᠮᠥᠩᠭᠦ᠂ ᠠᠵᠢᠯᠲᠠᠨ᠂ ᠮᠠᠲ᠋ᠧᠷᠢᠶᠠᠯ᠂ ᠲᠠᠯᠠᠪᠤᠷ ᠵᠡᠷᠭᠡ ᠬᠡᠰᠡᠭ ᠢ ᠲᠠᠭᠯᠠᠨ | ᠮᠡᠳᠡᠭᠦᠯᠦᠭᠰᠡᠨ ᠦᠭᠡᠢ ᠪᠥᠭᠡᠳ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠢᠨᠡᠳᠬᠡᠵᠦ | ᠬᠠᠮᠠᠭᠠᠯᠠᠭᠰᠠᠨ ᠦᠭᠡᠢ ᠠᠰᠠᠭᠤᠳᠠᠯ ᠢ ᠴᠡᠭᠴᠡᠯᠡᠨ ᠵᠠᠰᠠᠨ᠎ᠠ᠃ | 6᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︽ᠪᠥᠬᠦ ᠤᠯᠤᠰ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ︾ | ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠳᠤ ᠥᠯᠥ ᠬᠠᠮᠵᠢᠯᠴᠠᠬᠤ᠂ ᠲᠣᠭᠲᠠᠭᠠᠯ ᠠᠴᠠ ᠵᠥᠷᠢᠴᠡᠨ | ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠦᠭᠰᠡᠨ ᠠᠰᠠᠭᠤᠳᠠᠯ ᠢ ᠴᠡᠭᠴᠡᠯᠡᠨ ᠵᠠᠰᠠᠨ᠎ᠠ᠃ | 7᠂ ᠰᠣᠶᠣᠯ ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ | ᠲᠠᠯᠠᠪᠤᠷ ᠭᠠᠵᠠᠷ ᠤᠨ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠨᠥᠬᠦᠴᠡᠯ ᠪᠠ ᠠᠮᠤᠷ ᠲᠦᠪᠰᠢᠨ ᠤ ᠳᠦᠷᠢᠮ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠦᠭᠡᠢ ᠪᠠᠶᠢᠬᠤ ᠠᠰᠠᠭᠤᠳᠠᠯ ᠢ ᠴᠡᠭᠴᠡᠯᠡᠨ | ᠵᠠᠰᠠᠨ᠎ᠠ᠃ | ᠳᠥᠷᠪᠡ᠂ ᠠᠵᠢᠯ ᠤᠨ ᠠᠯᠬᠤᠮ ᠳᠠᠷᠠᠭ᠎ᠠ | ︵ᠨᠢᠭᠡ︶ ᠨᠠᠷᠢᠯᠢᠭ ᠤᠨᠤᠪᠴᠢᠲᠠᠢ ᠢᠶᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠎ᠠ ︵2023 ᠣᠨ ᠤ | 3 ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠤᠰᠬᠠᠨ᠎ᠠ︶ | ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠣᠲᠣ ᠶᠢᠨ ᠪᠠᠶᠢᠭ᠎ᠠ ᠰᠣᠶᠣᠯ | ᠤᠷᠠᠯᠢᠭ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠨ | ᠵᠢᠭᠰᠠᠭᠠᠨ ᠪᠠᠶᠢᠴᠠᠭᠠᠯᠲᠠ ᠬᠢᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠤᠨ ᠡᠬᠡ ᠲᠠᠩᠰᠠ ᠶᠢ | ᠪᠠᠶᠢᠭᠤᠯᠤᠨ᠂ ᠪᠠᠶᠢᠭᠤᠯᠤᠮᠵᠢ ᠶᠢᠨ ᠲᠤᠭ᠎ᠠ ᠬᠡᠮᠵᠢᠶ᠎ᠡ ︵ᠪᠠᠶᠢᠭᠤᠯᠤᠮᠵᠢ ᠶᠢᠨ ᠨᠡᠷᠡᠶᠢᠳᠦᠯ᠂ ᠬᠠᠶ᠋ᠢᠭ᠂ ᠡᠷᠭᠢᠯᠡᠭᠰᠡᠨ ᠬᠥᠮᠥᠨ | ᠵᠡᠷᠭᠡ ᠮᠡᠳᠡᠭᠡ ᠵᠠᠩᠭᠢ ᠶᠢ ᠪᠠᠭᠲᠠᠭᠠᠨ᠎ᠠ︶᠂ ᠰᠤᠷᠭᠠᠭᠤᠯᠢ ᠡᠷᠭᠢᠯᠡᠬᠦ ᠬᠢᠷᠢ ᠬᠡᠮ᠂ ᠪᠣᠯᠪᠠᠰᠤᠷᠠᠭᠤᠯᠬᠤ ᠡᠲᠡᠭᠡᠳ᠂ | ᠪᠣᠯᠪᠠᠰᠤᠷᠠᠭᠤᠯᠬᠤ ᠲᠥᠷᠥᠯ ᠵᠦᠢᠯ᠂ ᠰᠣᠷᠣᠭᠴᠢ ᠶᠢᠨ ᠲᠤᠭ᠎ᠠ᠂ ᠠᠵᠢᠯᠯᠠᠵᠤ ᠪᠠᠶᠢᠭ᠎ᠠ ᠬᠥᠮᠥᠰ ᠤᠨ ᠲᠤᠭ᠎ᠠ᠂ | ᠬᠤᠷᠢᠶᠠᠬᠤ ᠪᠤᠴᠠᠭᠠᠬᠤ ᠰᠦᠢᠳᠬᠡᠯ ᠤᠨ ᠬᠠᠮᠢᠶᠠᠷᠤᠯᠲᠠ᠂ ᠤᠷᠢᠳᠴᠢᠯᠠᠨ ᠰᠦᠢᠳᠬᠡᠯ ᠬᠤᠷᠢᠶᠠᠬᠤ ᠲᠠᠩᠰᠠᠨ ᠡᠷᠦᠬᠡ | ᠭᠠᠷᠭᠠᠬᠤ᠂ ᠰᠦᠯᠵᠢᠶᠡᠨ ᠳᠡᠭᠡᠷ᠎ᠡ ᠲᠣᠭᠠᠴᠠᠭ᠎ᠠ ᠬᠢᠵᠦ ᠨᠡᠭᠡᠭᠡᠨ ᠬᠡᠷᠡᠭᠯᠡᠬᠦ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ | ᠭᠤᠣᠯᠳᠠᠯᠭ᠎ᠠ ᠲᠠᠢ ᠡᠵᠡᠮᠰᠢᠨ᠎ᠡ᠃ | ︵ᠬᠤᠶᠠᠷ︶ ᠳᠠᠭᠢᠵᠤ ᠬᠢᠨᠠᠨ ᠬᠠᠷᠭᠤᠭᠤᠯᠵᠤ ᠳᠡᠩᠰᠡᠯᠡᠨ ᠲᠡᠮᠳᠡᠭᠯᠡᠨ᠎ᠡ ︵2023 ᠣᠨ ᠤ 4 ᠰᠠᠷ᠎ᠠ ᠶᠢᠨ | 10 ᠤ ᠡᠳᠦᠷ ᠠᠴᠠ ᠡᠮᠦᠨ᠎ᠡ ᠳᠠᠭᠤᠰᠬᠠᠨ᠎ᠠ︶ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ︽ᠪᠤᠭᠤᠲᠤ | ᠬᠤᠲᠠ ᠶᠢᠨ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠲᠣᠬᠢᠷᠠᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︽ᠪᠤᠭᠤᠲᠤ ᠬᠤᠲᠠ ᠶᠢᠨ ᠰᠣᠶᠣᠯ | ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ | ᠵᠥᠪᠰᠢᠶᠡᠷᠡᠬᠦ ᠴᠤᠪᠤᠷᠠᠯ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ᠂ ᠬᠠᠷᠢᠶᠠᠲᠤ ᠣᠷᠣᠨ ᠤ ᠳᠣᠲᠣᠷᠠᠬᠢ ᠪᠣᠶ | ᠪᠦᠬᠦᠢ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠬᠢᠨᠠᠨ ᠬᠠᠷᠭᠤᠭᠤᠯᠵᠤ ᠳᠡᠩᠰᠡᠯᠡᠨ ᠲᠡᠮᠳᠡᠭᠯᠡᠨ᠎ᠡ᠃ | ︵ᠭᠤᠷᠪᠠ︶ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ ︵2023 ᠣᠨ ᠤ 4 ᠰᠠᠷ᠎ᠠ ᠶᠢᠨ | ᠰᠡᠭᠦᠯᠴᠢ ᠠᠴᠠ ᠡᠮᠦᠨ᠎ᠡ ᠳᠠᠭᠤᠰᠬᠠᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠠᠢ ᠬᠠᠮᠲᠤᠷᠠᠨ᠂ ᠦᠨᠡᠮᠯᠡᠯ ᠦᠭᠡᠢ ᠪᠤᠶᠤ ᠦᠨᠡᠮᠯᠡᠯ ᠪᠦᠷᠢᠨ ᠪᠤᠰᠤ ᠮᠥᠷᠲᠡᠭᠡᠨ ᠴᠡᠭᠴᠡᠯᠡᠨ | ᠰᠠᠶᠢᠵᠢᠷᠠᠭᠤᠯᠬᠤ ᠨᠢ ᠲᠣᠭᠲᠠᠭᠠᠯ ᠳᠤ ᠨᠡᠶᠢᠴᠡᠬᠦ ᠦᠭᠡᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠴᠠᠭᠠᠨ | ᠰᠢᠢᠳᠪᠦᠷᠢᠯᠡᠨ᠎ᠡ᠃ ᠦᠨᠡᠮᠯᠡᠯ ᠦᠭᠡᠢ ᠪᠠᠷ ᠡᠵᠡᠩᠨᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠪᠦᠬᠦᠨ ᠢ ᠬᠠᠭᠠᠵᠤ ᠵᠣᠭᠰᠣᠭᠠᠵᠤ᠂ ᠨᠡᠶᠢᠭᠡᠮ ᠲᠣᠭᠤᠷᠢᠭ ᠤᠨ ᠠᠷᠠᠳ ᠤᠨ ᠣᠷᠣᠨ ᠰᠠᠭᠤᠴᠠ ᠶᠢ | ᠠᠰᠢᠭᠯᠠᠨ ᠠᠩᠭᠢ ᠡᠷᠭᠢᠯᠡᠬᠦ ᠶᠢ ᠪᠦᠬᠦᠨ ᠢ ᠬᠦᠴᠦᠨ ᠦᠭᠡᠢ ᠪᠣᠯᠭᠠᠵᠤ ᠴᠡᠪᠡᠷᠯᠡᠨ᠎ᠡ᠃ ᠭᠡᠷᠡᠴᠢ ᠦᠨᠡᠮᠯᠡᠯ ᠨᠢ ᠪᠦᠷᠢᠨ | ᠭᠦᠢᠴᠡᠳ ᠪᠣᠯᠪᠠᠴᠤ ᠲᠣᠭᠲᠠᠭᠠᠯ ᠠᠴᠠ ᠵᠥᠷᠢᠴᠡᠨ ᠡᠵᠡᠩᠨᠡᠭᠰᠡᠨ᠂ ᠬᠡᠷᠡᠭᠯᠡᠭᠴᠢᠳ ᠤᠨ ᠡᠷᠬᠡ ᠠᠰᠢᠭ ᠲᠤ | ᠬᠠᠯᠳᠠᠭᠰᠠᠨ ᠵᠡᠷᠭᠡ ᠦᠶᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠬᠡᠷᠡᠭᠵᠢᠭᠦᠯᠵᠦ ᠦᠭᠡᠷᠡᠴᠢᠯᠡᠨ᠂ | ᠪᠣᠯᠪᠠᠰᠤᠷᠠᠭᠤᠯᠤᠯ ᠤᠨ ᠠᠵᠢᠯᠯᠠᠭ᠎ᠠ ᠶᠢᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ | ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ | ᠵᠣᠭᠰᠣᠭᠠᠨ ᠴᠡᠭᠴᠡᠯᠡᠭᠦᠯᠬᠦ ᠪᠤᠶᠤ ᠬᠢᠨᠠᠨ ᠵᠥᠪᠰᠢᠶᠡᠷᠡᠭᠰᠡᠨ ᠪᠢᠴᠢᠭ ᠢ ᠨᠢ ᠬᠤᠷᠢᠶᠠᠨ ᠠᠪᠴᠤ ᠬᠦᠴᠦᠨ ᠦᠭᠡᠢ | ᠪᠣᠯᠭᠠᠵᠤ ᠪᠣᠯᠣᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠬᠤᠲᠠ ᠶᠢᠨ ᠬᠢᠨᠠᠨ ᠪᠠᠶᠢᠴᠠᠭᠠᠬᠤ᠂ ᠠᠷᠠᠳ ᠤᠨ ᠶᠠᠪᠤᠳᠠᠯ᠂ | ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠣᠶ ᠪᠣᠯᠭᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ | ᠡᠭᠦᠳᠬᠦ ᠬᠡᠷᠡᠭᠲᠡᠢ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠢᠴᠢ ᠡᠯ᠎ᠡ ᠵᠡᠭᠡᠯᠢ ᠪᠠᠯᠭᠠᠰᠤ ᠨᠤᠭᠤᠳ ︽ᠴᠢᠩᠱᠠᠨ ᠲᠣᠭᠤᠷᠢᠭ ᠤᠨ ᠰᠣᠶᠣᠯ | ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠭᠰᠠᠭᠠᠨ | ᠪᠠᠶᠢᠴᠠᠭᠠᠵᠤ ᠪᠠᠶᠢᠳᠠᠯ ᠢ ᠣᠶᠢᠯᠠᠭᠠᠬᠤ ᠬᠦᠰᠦᠨᠦᠭᠲᠦ︾ ︵ᠳᠠᠭᠠᠯᠳᠤᠭᠤᠯᠤᠯ 2︶ ᠶᠢ ᠬᠢᠨᠠᠮᠠᠭᠠᠢ ᠲᠠᠭᠯᠠᠵᠤ᠂ 2 | ᠰᠠᠷ᠎ᠠ ᠶᠢᠨ 24 ᠤ ᠡᠳᠦᠷ ᠠᠴᠠ ᠡᠮᠦᠨ᠎ᠡ ᠠᠯᠪᠠᠨ ᠲᠠᠮᠠᠭ᠎ᠠ ᠳᠠᠷᠤᠵᠤ ᠴᠢᠩᠱᠠᠨ ᠲᠣᠭᠤᠷᠢᠭ ᠤᠨ ᠰᠣᠶᠣᠯ | ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠢ | ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ | ᠬᠡᠷᠡᠭᠲᠡᠢ᠃ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠤᠭᠤᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠮᠲᠤᠷᠠᠨ | ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠴᠢᠩᠱᠠᠨ ᠲᠣᠭᠤᠷᠢᠭ ᠤᠨ ᠰᠣᠶᠣᠯ ᠤᠷᠠᠯᠢᠭ ᠤᠨ ᠲᠥᠷᠥᠯ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠬᠡᠷᠡᠭᠲᠡᠢ᠃ | | |