ᠳ᠋ᠢᠩ ᠺᠠᠢ ᠬᠤᠲᠠ ᠶᠢᠨ ᠲᠦᠷᠭᠡᠨ ᠵᠠᠮ ᠢ ᠥᠭᠡᠷᠡᠴᠢᠯᠡᠬᠦ ᠪᠠ ᠰᠠᠶᠢᠬᠠᠨ ᠵᠠᠮ ᠢ ᠤᠮᠠᠷᠠᠰᠢ ᠤᠷᠲᠤᠳᠬᠠᠬᠤ ᠢᠨᠵᠧᠨᠧᠷᠢᠩ ᠢ ᠲᠤᠰᠬᠠᠢ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2023/2/27
      2 ᠰᠠᠷ᠎ᠠ ᠶᠢᠨ 26 ᠤ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠬᠤᠳᠠ ᠶᠢᠨ ᠲᠦᠷᠭᠡᠨ ᠵᠠᠮ ᠤᠨ ᠥᠭᠡᠷᠡᠴᠢᠯᠡᠯᠲᠡ ᠪᠠ ᠰᠠᠶᠢᠬᠠᠨ ᠵᠠᠮ  ᠢ ᠤᠮᠠᠷᠠᠰᠢ ᠤᠷᠲᠤᠳᠬᠠᠬᠤ ᠢᠨᠵᠧᠨᠧᠷᠢᠩ ᠤᠨ ᠵᠢᠯᠤᠭᠤᠳᠬᠤ ᠭᠠᠵᠠᠷ ᠲᠤ ᠬᠦᠷᠴᠦ᠂ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ  ᠪᠠ ᠠᠰᠠᠭᠤᠳᠠᠯ ᠢ ᠨᠠᠷᠢᠨ ᠣᠶᠢᠯᠠᠭᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠵᠢᠶᠠᠨ᠂ ᠵᠤᠤ ᠵᠢᠶᠠᠨ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠳ᠋ᠢᠩ ᠺᠠᠢ᠂ ᠠᠵᠢᠯ ᠤᠨ ᠠᠬᠢᠴᠠ ᠪᠠᠨ ᠲᠦᠷᠭᠡᠳᠬᠡᠵᠦ᠂ ᠭᠠᠷ ᠭᠦᠢᠴᠡᠳᠬᠡᠯ ᠢ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠥᠨᠳᠥᠷ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠳᠤᠮᠳᠠ ᠪᠠᠨ ᠤᠯᠠᠨ ᠲᠦᠮᠡᠨ ᠤ ᠰᠠᠨᠠᠯ ᠢ ᠭᠦᠢᠴᠡᠳ ᠬᠤᠷᠢᠶᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠬᠢᠵᠦ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠥᠮᠥᠨ᠂ ᠡᠳ᠋ ᠤᠨ ᠵᠠᠰᠠᠭ᠂ ᠡᠳ᠋ ᠪᠣᠳᠠᠰ ᠵᠡᠷᠭᠡ ᠲᠠᠯ᠎ᠠ ᠪᠠᠷ ᠭᠦᠢᠴᠡᠳ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号