ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
      2 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠬᠢᠨ ᠪᠥᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠣᠭᠤᠷᠢᠭ ‍ᠤᠨ‌ᠡᠯ᠎ᠡ ᠳᠡᠳ᠋ ᠳᠠᠷᠤᠭ᠎ᠠ᠂ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠳ᠋ᠢᠩ ᠺᠠᠢ᠂ ᠪᠦᠬᠦ ᠲᠤᠭᠤᠷᠢᠭ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠠ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠶᠢᠯ ᠤᠨ ᠴᠢᠬᠤᠯᠠ ᠴᠢᠨᠠᠷ ᠪᠠ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠡᠩ ᠶᠡᠭᠡ ᠡᠷᠡᠰ ᠵᠣᠷᠢᠭ᠂ ᠨᠡᠩ ᠴᠢᠩᠭ᠎ᠠ ᠠᠷᠭ᠎ᠠ ᠬᠡᠮᠵᠢᠶ᠎ᠡ᠂ ᠨᠡᠩ ᠪᠣᠳᠠᠲᠠᠢ ᠰᠤᠷᠲᠠᠯ ᠢᠶᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠵᠤ᠂ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠳ᠋ᠢᠩ ᠺᠠᠢ᠂ ᠪᠦᠬᠦ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠠᠵᠢᠯ ᠤᠨ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠳᠲᠡᠷ ᠲᠦᠷᠭᠡᠨ ᠪᠥᠬᠦ ᠲᠠᠯ᠎ᠠ ᠪᠠᠷ ᠥᠷᠨᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠠᠵᠢᠯ᠂ ᠭᠠᠯ ᠤᠨᠲᠠᠷᠠᠭᠠᠬᠤ ᠠᠮᠤᠷ ᠲᠦᠪᠰᠢᠨ᠂ ᠠᠶᠤᠯᠲᠠᠢ ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠬᠤᠴᠢᠯᠠᠪᠠ᠃     ᠳ᠋ᠢᠩ ᠺᠠᠢ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠢ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠶ ᠪᠣᠯᠭᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃ ᠲᠣᠭᠤᠷᠢᠭ ᠤᠨ ᠱᠠᠲᠤᠨ ᠤ ᠡᠯ᠎ᠡ ᠤᠳᠤᠷᠢᠳᠤᠯᠭ᠎ᠠ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠴᠤ ᠪᠠᠶᠢᠴᠠᠭᠠᠵᠤ᠂ ᠦᠨᠡᠨᠬᠦ ᠬᠠᠮᠢᠶᠠᠷᠴᠤ ᠦᠵᠡᠵᠦ ᠠᠰᠠᠭᠤᠳᠠᠯ ᠢ ᠡᠷᠢᠵᠦ᠂ ᠪᠠᠯᠠᠢ ᠣᠷᠣᠨ ᠢ ᠳᠠᠷᠠᠭᠠᠯᠠᠨ ᠪᠠᠶᠢᠴᠠᠭᠠᠵᠤ᠂ ᠭᠡᠮ ᠰᠣᠭᠤᠭ ᠢ ᠠᠷᠢᠯᠭᠠᠬᠤ ᠬᠡᠷᠡᠭᠲᠡᠢ︔ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠵᠡᠭᠡᠯᠢ ᠪᠠᠯᠭᠠᠰᠤ ᠨᠤᠭᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠵᠢᠭᠰᠠᠭᠠᠨ ᠪᠠᠶᠢᠴᠠᠭᠠᠬᠤ᠂ ᠴᠡᠭᠴᠡᠯᠡᠨ ᠵᠠᠰᠠᠬᠤ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠬᠤ ᠪᠠ ᠣᠭᠲᠣᠬᠠᠨ ᠴᠤ ᠠᠭᠤᠴᠢᠯᠠᠬᠤ ᠦᠭᠡᠢ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠠᠴᠠ ᠬᠠᠷᠢᠭᠤᠴᠠᠯᠭ᠎ᠠ ᠨᠡᠬᠡᠮᠵᠢᠯᠡᠬᠦ ᠦᠭᠡᠢ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠪᠥᠬᠦ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号