ᠳ᠋ᠢᠩ ᠺᠠᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/3
      1 ᠰᠠᠷ᠎ᠠ ᠶᠢᠨ 30᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠬᠠᠢ ᠶᠢᠨ ᠲᠠᠯᠠᠪᠤᠷ ᠲᠤ ᠬᠦᠷᠴᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠤᠤ ᠶᠢᠨ ᠮᠢᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠭᠠᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠯᠢᠤ ᠪᠢᠨ ᠬᠤᠸᠠ᠂ ᠵᠠᠰᠠᠭ ᠤᠨ ᠤᠷᠳᠤᠨ ᠤ ᠲᠡᠳ᠋ ᠲᠠᠷᠤᠭ᠎ᠠ ᠯᠢ ᠶᠦᠩ ᠭᠠᠩ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠤᠶᠠᠷ ᠪᠠᠯᠭᠠᠰᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ ᠪᠠᠶᠢᠨ᠎ᠠ᠃
图片1_副本.jpg
      ᠳ᠋ᠢᠩ ᠺᠠᠢ ᠤᠷᠢᠳ ᠬᠤᠵᠢᠳ ᠰᠧ ᠴᠢ ᠸᠠᠨ ᠶᠡᠷᠦᠩᠭᠡᠶᠢᠯᠡᠭᠰᠡᠨ ᠴᠤᠭᠴᠨ ᠶᠢᠨ ᠲᠦᠷᠦᠯ ᠵᠦᠢᠯ᠂ ᠰᠢᠶᠤᠤ ᠯᠢ ᠬᠤᠸᠠ ᠢᠳᠡᠭᠡᠨ ᠤ ᠺᠤᠮᠫᠠᠨᠢ᠂ ᠦᠪᠦᠷ ᠮᠤᠩᠭᠤᠯ ᠤᠨ ᠰᠢᠨ ᠶᠤᠸᠧᠢ ᠮᠠᠰᠢᠨ ᠮᠧᠬᠠᠨᠢᠭ᠂ ᠸᠠᠩ ᠯᠤᠤ ᠳ᠋ᠠ ᠲᠤᠰᠬᠤᠨ ᠤ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠤᠨ ᠰᠠᠩ ᠬᠦᠮᠦᠷᠭᠡ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠤᠭᠤᠷᠢᠭ᠂ ᠬᠤᠩ ᠴᠢᠩ ᠳ᠋ᠧ ᠲᠤᠰᠬᠤᠨ ᠤ ᠶᠡᠷᠦᠩᠭᠡᠶᠢᠯᠡᠭᠰᠡᠨ ᠬᠤᠳᠠᠯᠳᠤᠭᠠᠨ ᠤ ᠶᠠᠪᠤᠳᠠᠯ ᠤᠨ ᠠᠰᠠᠷ ᠤᠨ ᠲᠦᠷᠦᠯ ᠵᠦᠢᠯ᠂ ᠳ᠋ᠦᠩ ᠳ᠋ᠠ ᠱᠠᠨ ᠠᠮᠠᠷᠠᠯᠳᠠ ᠶᠢᠨ ᠲᠤᠰᠬᠤᠨ ᠳᠤ ᠬᠦᠷᠴᠦ᠂ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ᠂ ᠰᠠᠭᠤᠷᠢ ᠲᠦᠭᠦᠭᠡᠷᠦᠮᠵᠢ ᠶᠢᠨ ᠢᠵᠢ ᠪᠦᠷᠢᠳᠦᠯ᠂ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ ᠪᠠᠶᠢᠭᠤᠯᠬᠤ ᠲᠤᠬᠠᠢ ᠨᠠᠷᠢᠨ ᠤᠶᠢᠯᠠᠭᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠦᠭᠵᠢᠯᠳᠡ ᠶᠢᠨ ᠲᠤᠬᠠᠢ ᠰᠠᠨᠠᠯ ᠰᠠᠨᠠᠭᠤᠯᠭ᠎ᠠ ᠲᠤᠷᠠᠳᠪᠠ᠃      ᠪᠠᠶᠢᠴᠠᠭᠠᠨ ᠰᠤᠳᠤᠯᠤᠯᠳᠠ ᠬᠢᠭᠰᠡᠨ ᠤ ᠲᠠᠷᠠᠭ᠎ᠠ᠂ ᠳ᠋ᠢᠩ ᠺᠠᠢ ᠨᠠᠷ ᠳ᠋ᠦᠩ ᠳ᠋ᠠ ᠭᠸᠦ ᠲᠤᠰᠬᠤᠨ ᠳᠤ ᠬᠦᠷᠴᠦ ᠰᠠᠭᠤᠳᠠᠯ ᠤᠨ ᠬᠤᠷᠠᠯ ᠬᠢᠵᠤ᠂ ᠬᠤᠶᠠᠷ ᠪᠠᠯᠭᠠᠰᠤ ᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠦᠯᠦᠪᠵᠢᠭᠦᠯᠭᠡ᠂ ᠲᠤᠰᠬᠤᠨ ᠤ ᠬᠠᠮᠳᠤ ᠶᠢᠨ ᠠᠵᠤ ᠦᠢᠯᠡᠰ ᠤᠨ ᠴᠤᠭᠴᠠᠯᠠᠯᠳᠠ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠠᠢ᠃      ᠳ᠋ᠢᠩ ᠺᠠᠢ᠂ ᠠᠵᠤ ᠦᠢᠯᠡᠰ᠂ ᠴᠢᠳᠠᠪᠤᠷᠢᠳᠠᠨ᠂ ᠰᠤᠶᠤᠯ᠂ ᠠᠮᠢ ᠠᠬᠤᠢ᠂ ᠵᠤᠬᠢᠶᠠᠨ ᠪᠠᠶᠢᠭᠤᠯᠤᠯᠳᠠ ᠵᠡᠷᠭᠡ《 ᠲᠠᠪᠤᠨ ᠴᠤᠭᠴᠠᠯᠠᠯᠳᠠ》᠎ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠤᠨᠴᠠᠭᠠᠶᠢᠯᠠᠨ ᠬᠦᠳᠡᠭᠡ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠵᠤ᠂ ᠰᠠᠭᠤᠷᠢ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠯᠳᠤᠬᠤ ᠬᠦᠴᠦᠨ᠂ ᠨᠢᠭᠳᠠᠷᠠᠯ ᠤᠨ ᠬᠦᠴᠦᠨ᠂ ᠲᠠᠶᠢᠴᠢᠯᠠᠨ ᠲᠠᠭᠠᠭᠤᠯᠬᠤ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠬᠦ ᠭᠡᠷᠡᠭᠳᠡᠢ᠃ ᠲᠤᠰᠬᠤᠨ ᠤ ᠬᠠᠮᠳᠤ ᠶᠢᠨ ᠠᠵᠤ ᠦᠢᠯᠡᠰ ᠤᠨ ᠬᠦᠭᠵᠢᠯᠳᠡ ᠶᠢᠨ ᠪᠠᠶᠢᠷᠢ ᠲᠤᠭᠳᠠᠭᠠᠯᠳᠠ ᠶᠢ ᠤᠨᠤᠪᠴᠢᠳᠠᠢ ᠡᠷᠢᠵᠤ᠂ ᠡᠬᠢ ᠪᠠᠶᠠᠯᠢᠭ ᠤᠨ ᠲᠦᠷᠦᠯᠬᠢ ᠲᠠᠪᠠᠭᠤᠯᠢᠭ ᠲᠤ ᠰᠠᠭᠤᠷᠢᠯᠠᠨ᠂ ᠬᠦᠨᠵᠡᠭᠡᠢ ᠰᠤᠳᠤᠯᠤᠨ ᠨᠤᠳ᠋ᠯᠠᠵᠤ᠂ ᠬᠦᠲᠦᠴᠢ ᠶᠢ ᠴᠢᠩᠭᠠᠳᠬᠠᠨ᠂ ᠬᠡᠯᠬᠢᠶ᠎ᠡ ᠶᠢ ᠨᠦᠭᠦᠪᠦᠷᠢᠯᠡᠨ᠂ ᠡᠵᠡᠩᠨᠡᠯᠳᠡ ᠪᠠᠨ ᠬᠦᠭᠵᠢᠭᠦᠯᠦᠨ ᠮᠠᠨᠳᠤᠭᠤᠯᠵᠤ᠂ ᠨᠡᠷᠡᠲᠦ ᠲᠡᠮᠳᠡᠭ ᠢ ᠪᠤᠢ ᠪᠤᠯᠭᠠᠵᠤ᠂ ᠲᠤᠰᠬᠤᠨ ᠤ ᠬᠠᠮᠳᠤ ᠶᠢᠨ ᠠᠵᠤ ᠦᠢᠯᠡᠰ ᠤᠨ ᠦᠷᠢᠰᠦᠯᠳᠦᠭᠦ ᠬᠦᠴᠦᠨ ᠪᠠ ᠦᠷᠭᠦᠯᠵᠢᠯᠡᠬᠦᠶᠢᠴᠡ ᠬᠦᠭᠵᠢᠯᠳᠡ ᠶᠢᠨ ᠴᠢᠳᠠᠪᠤᠷᠢ ᠶᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠵᠠᠬ᠎ᠠ ᠲᠡᠯᠭᠡᠭᠦᠷ ᠤᠨ ᠭᠤᠤᠯ ᠴᠤᠭᠴᠨ ᠪᠠ ᠲᠠᠷᠢᠶᠠᠴᠢᠳ ᠤᠨ ᠠᠰᠢᠭ ᠤᠷᠤᠯᠭ᠎ᠠ ᠶᠢ ᠬᠤᠯᠪᠤᠬᠤ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠰᠬᠤᠨ ᠤ ᠠᠷᠠᠳ ᠲᠤ ᠬᠠᠮᠳᠤ ᠶᠢᠨ ᠠᠵᠤ ᠦᠢᠯᠡᠰ ᠤᠨ ᠦᠷᠲᠡᠭ ᠨᠡᠮᠡᠭᠳᠡᠯ ᠤᠨ ᠠᠰᠢᠭ ᠤᠷᠤᠯᠭ᠎ᠠ ᠶᠢ ᠠᠯᠢ ᠴᠢᠳᠠᠬᠤ ᠪᠠᠷ ᠢᠯᠡᠭᠦᠭᠡᠨ ᠬᠤᠪᠢᠶᠠᠨ ᠡᠳ᠋ᠯᠡᠭᠦᠯᠵᠦ᠂ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ᠂ ᠠᠵᠤ ᠠᠬᠤᠶᠢᠯᠠᠯ ᠤᠨ ᠬᠦᠭᠵᠢᠯᠳᠡ᠂ ᠭᠠᠵᠠᠷ ᠤᠷᠤᠨ ᠳᠤ ᠠᠰᠢᠭ ᠬᠦᠷᠳᠡᠭᠡᠬᠦ ᠶᠢ ᠪᠡᠶᠡᠯᠡᠭᠦᠯᠦᠨ᠎ᠡ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠤᠶᠠᠷ ᠪᠠᠯᠭᠠᠰᠤ ᠶᠢᠨ ᠎ ᠬᠢᠨ ᠢᠯᠡᠭᠦᠭᠡᠨ ᠠᠷᠭ᠎ᠠ ᠰᠦᠪᠡᠭᠴᠢᠯᠡᠵᠦ᠂ ᠢᠯᠡᠭᠦᠭᠡᠨ ᠪᠤᠳᠤᠯᠬᠢᠯᠠᠵᠤ᠂ ᠡᠬᠢ ᠪᠠᠶᠠᠯᠢᠭ ᠢ ᠤᠯᠠᠮ ᠨᠢᠭᠡ ᠠᠯᠬᠤᠮ ᠨᠢᠭᠡᠳᠦᠯᠳᠡᠢ ᠲᠦᠯᠦᠪᠵᠢᠭᠦᠯᠵᠤ᠂ ᠲᠤᠳᠠᠭᠤᠳᠠᠯ ᠢᠶᠠᠨ ᠨᠦᠭᠦᠪᠦᠷᠢᠯᠡᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠤᠳᠠᠳᠤ ᠦᠷ᠎ᠡ ᠪᠦᠳᠦᠮᠵᠢ ᠪᠠᠷ ᠴᠢᠩᠱᠠᠨ ᠤ ᠴᠢᠨᠠᠷ ᠰᠠᠶᠢᠲᠠᠢ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠪᠠ ᠬᠦᠴᠦᠨ ᠴᠢᠳᠠᠯ ᠡᠷᠭᠦᠬᠦ ᠪᠠᠷ ᠴᠢᠷᠮᠠᠶᠢᠬᠤ ᠬᠡᠷᠡᠭᠳᠡᠢ ᠬᠡᠵᠦ ᠴᠢᠬᠤᠯᠠᠴᠢᠯᠠᠪᠠ᠃                                                   ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号