ᠳ᠋ᠢᠩ ᠺᠠᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/3
      1 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠬᠠᠢ ᠶᠢᠨ ᠲᠠᠯᠠᠪᠤᠷ ᠲᠤ ᠬᠦᠷᠴᠦ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠭᠰᠡᠨ ᠪᠦᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠤᠤ ᠶᠢᠨ ᠮᠢᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠵᠢᠶᠠᠨ ᠭᠠᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠯᠢᠤ ᠪᠢᠨ ᠬᠤᠸᠠ᠂ ᠵᠠᠰᠠᠭ ᠤᠨ ᠤᠷᠳᠤᠨ ᠤ ᠲᠡᠳ᠋ ᠲᠠᠷᠤᠭ᠎ᠠ ᠯᠢ ᠶᠦᠩ ᠭᠠᠩ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠤᠶᠠᠷ ᠪᠠᠯᠭᠠᠰᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠤᠷᠤᠯᠴᠠᠭᠰᠠᠨ ᠪᠠᠶᠢᠨ᠎ᠠ᠃
图片1_副本.jpg
      ᠳ᠋ᠢᠩ ᠺᠠᠢ ᠤᠷᠢᠳ ᠬᠤᠵᠢᠳ ᠰᠧ ᠴᠢ ᠸᠠᠨ ᠶᠡᠷᠦᠩᠭᠡᠶᠢᠯᠡᠭᠰᠡᠨ ᠴᠤᠭᠴᠨ ᠶᠢᠨ ᠲᠦᠷᠦᠯ ᠵᠦᠢᠯ᠂ ᠰᠢᠶᠤᠤ ᠯᠢ ᠬᠤᠸᠠ ᠢᠳᠡᠭᠡᠨ ᠤ ᠺᠤᠮᠫᠠᠨᠢ᠂ ᠦᠪᠦᠷ ᠮᠤᠩᠭᠤᠯ ᠤᠨ ᠰᠢᠨ ᠶᠤᠸᠧᠢ ᠮᠠᠰᠢᠨ ᠮᠧᠬᠠᠨᠢᠭ᠂ ᠸᠠᠩ ᠯᠤᠤ ᠳ᠋ᠠ ᠲᠤᠰᠬᠤᠨ ᠤ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠤᠨ ᠰᠠᠩ ᠬᠦᠮᠦᠷᠭᠡ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠤᠭᠤᠷᠢᠭ᠂ ᠬᠤᠩ ᠴᠢᠩ ᠳ᠋ᠧ ᠲᠤᠰᠬᠤᠨ ᠤ ᠶᠡᠷᠦᠩᠭᠡᠶᠢᠯᠡᠭᠰᠡᠨ ᠬᠤᠳᠠᠯᠳᠤᠭᠠᠨ ᠤ ᠶᠠᠪᠤᠳᠠᠯ ᠤᠨ ᠠᠰᠠᠷ ᠤᠨ ᠲᠦᠷᠦᠯ ᠵᠦᠢᠯ᠂ ᠳ᠋ᠦᠩ ᠳ᠋ᠠ ᠱᠠᠨ ᠠᠮᠠᠷᠠᠯᠳᠠ ᠶᠢᠨ ᠲᠤᠰᠬᠤᠨ ᠳᠤ ᠬᠦᠷᠴᠦ᠂ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ᠂ ᠰᠠᠭᠤᠷᠢ ᠲᠦᠭᠦᠭᠡᠷᠦᠮᠵᠢ ᠶᠢᠨ ᠢᠵᠢ ᠪᠦᠷᠢᠳᠦᠯ᠂ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠢ ᠪᠠᠶᠢᠭᠤᠯᠬᠤ ᠲᠤᠬᠠᠢ ᠨᠠᠷᠢᠨ ᠤᠶᠢᠯᠠᠭᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠦᠭᠵᠢᠯᠳᠡ ᠶᠢᠨ ᠲᠤᠬᠠᠢ ᠰᠠᠨᠠᠯ ᠰᠠᠨᠠᠭᠤᠯᠭ᠎ᠠ ᠲᠤᠷᠠᠳᠪᠠ᠃      ᠪᠠᠶᠢᠴᠠᠭᠠᠨ ᠰᠤᠳᠤᠯᠤᠯᠳᠠ ᠬᠢᠭᠰᠡᠨ ᠤ ᠲᠠᠷᠠᠭ᠎ᠠ᠂ ᠳ᠋ᠢᠩ ᠺᠠᠢ ᠨᠠᠷ ᠳ᠋ᠦᠩ ᠳ᠋ᠠ ᠭᠸᠦ ᠲᠤᠰᠬᠤᠨ ᠳᠤ ᠬᠦᠷᠴᠦ ᠰᠠᠭᠤᠳᠠᠯ ᠤᠨ ᠬᠤᠷᠠᠯ ᠬᠢᠵᠤ᠂ ᠬᠤᠶᠠᠷ ᠪᠠᠯᠭᠠᠰᠤ ᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠦᠯᠦᠪᠵᠢᠭᠦᠯᠭᠡ᠂ ᠲᠤᠰᠬᠤᠨ ᠤ ᠬᠠᠮᠳᠤ ᠶᠢᠨ ᠠᠵᠤ ᠦᠢᠯᠡᠰ ᠤᠨ ᠴᠤᠭᠴᠠᠯᠠᠯᠳᠠ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠠᠢ᠃      ᠳ᠋ᠢᠩ ᠺᠠᠢ᠂ ᠠᠵᠤ ᠦᠢᠯᠡᠰ᠂ ᠴᠢᠳᠠᠪᠤᠷᠢᠳᠠᠨ᠂ ᠰᠤᠶᠤᠯ᠂ ᠠᠮᠢ ᠠᠬᠤᠢ᠂ ᠵᠤᠬᠢᠶᠠᠨ ᠪᠠᠶᠢᠭᠤᠯᠤᠯᠳᠠ ᠵᠡᠷᠭᠡ《 ᠲᠠᠪᠤᠨ ᠴᠤᠭᠴᠠᠯᠠᠯᠳᠠ》 ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠤᠨᠴᠠᠭᠠᠶᠢᠯᠠᠨ ᠬᠦᠳᠡᠭᠡ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠵᠤ᠂ ᠰᠠᠭᠤᠷᠢ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠶᠢᠯᠳᠤᠬᠤ ᠬᠦᠴᠦᠨ᠂ ᠨᠢᠭᠳᠠᠷᠠᠯ ᠤᠨ ᠬᠦᠴᠦᠨ᠂ ᠲᠠᠶᠢᠴᠢᠯᠠᠨ ᠲᠠᠭᠠᠭᠤᠯᠬᠤ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠬᠦ ᠭᠡᠷᠡᠭᠳᠡᠢ᠃ ᠲᠤᠰᠬᠤᠨ ᠤ ᠬᠠᠮᠳᠤ ᠶᠢᠨ ᠠᠵᠤ ᠦᠢᠯᠡᠰ ᠤᠨ ᠬᠦᠭᠵᠢᠯᠳᠡ ᠶᠢᠨ ᠪᠠᠶᠢᠷᠢ ᠲᠤᠭᠳᠠᠭᠠᠯᠳᠠ ᠶᠢ ᠤᠨᠤᠪᠴᠢᠳᠠᠢ ᠡᠷᠢᠵᠤ᠂ ᠡᠬᠢ ᠪᠠᠶᠠᠯᠢᠭ ᠤᠨ ᠲᠦᠷᠦᠯᠬᠢ ᠲᠠᠪᠠᠭᠤᠯᠢᠭ ᠲᠤ ᠰᠠᠭᠤᠷᠢᠯᠠᠨ᠂ ᠬᠦᠨᠵᠡᠭᠡᠢ ᠰᠤᠳᠤᠯᠤᠨ ᠨᠤᠳ᠋ᠯᠠᠵᠤ᠂ ᠬᠦᠲᠦᠴᠢ ᠶᠢ ᠴᠢᠩᠭᠠᠳᠬᠠᠨ᠂ ᠬᠡᠯᠬᠢᠶ᠎ᠡ ᠶᠢ ᠨᠦᠭᠦᠪᠦᠷᠢᠯᠡᠨ᠂ ᠡᠵᠡᠩᠨᠡᠯᠳᠡ ᠪᠠᠨ ᠬᠦᠭᠵᠢᠭᠦᠯᠦᠨ ᠮᠠᠨᠳᠤᠭᠤᠯᠵᠤ᠂ ᠨᠡᠷᠡᠲᠦ ᠲᠡᠮᠳᠡᠭ ᠢ ᠪᠤᠢ ᠪᠤᠯᠭᠠᠵᠤ᠂ ᠲᠤᠰᠬᠤᠨ ᠤ ᠬᠠᠮᠳᠤ ᠶᠢᠨ ᠠᠵᠤ ᠦᠢᠯᠡᠰ ᠤᠨ ᠦᠷᠢᠰᠦᠯᠳᠦᠭᠦ ᠬᠦᠴᠦᠨ ᠪᠠ ᠦᠷᠭᠦᠯᠵᠢᠯᠡᠬᠦᠶᠢᠴᠡ ᠬᠦᠭᠵᠢᠯᠳᠡ ᠶᠢᠨ ᠴᠢᠳᠠᠪᠤᠷᠢ ᠶᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠵᠠᠬ᠎ᠠ ᠲᠡᠯᠭᠡᠭᠦᠷ ᠤᠨ ᠭᠤᠤᠯ ᠴᠤᠭᠴᠨ ᠪᠠ ᠲᠠᠷᠢᠶᠠᠴᠢᠳ ᠤᠨ ᠠᠰᠢᠭ ᠤᠷᠤᠯᠭ᠎ᠠ ᠶᠢ ᠬᠤᠯᠪᠤᠬᠤ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠰᠬᠤᠨ ᠤ ᠠᠷᠠᠳ ᠲᠤ ᠬᠠᠮᠳᠤ ᠶᠢᠨ ᠠᠵᠤ ᠦᠢᠯᠡᠰ ᠤᠨ ᠦᠷᠲᠡᠭ ᠨᠡᠮᠡᠭᠳᠡᠯ ᠤᠨ ᠠᠰᠢᠭ ᠤᠷᠤᠯᠭ᠎ᠠ ᠶᠢ ᠠᠯᠢ ᠴᠢᠳᠠᠬᠤ ᠪᠠᠷ ᠢᠯᠡᠭᠦᠭᠡᠨ ᠬᠤᠪᠢᠶᠠᠨ ᠡᠳ᠋ᠯᠡᠭᠦᠯᠵᠦ᠂ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ᠂ ᠠᠵᠤ ᠠᠬᠤᠶᠢᠯᠠᠯ ᠤᠨ ᠬᠦᠭᠵᠢᠯᠳᠡ᠂ ᠭᠠᠵᠠᠷ ᠤᠷᠤᠨ ᠳᠤ ᠠᠰᠢᠭ ᠬᠦᠷᠳᠡᠭᠡᠬᠦ ᠶᠢ ᠪᠡᠶᠡᠯᠡᠭᠦᠯᠦᠨ᠎ᠡ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠤᠶᠠᠷ ᠪᠠᠯᠭᠠᠰᠤ ᠶᠢᠨ  ᠬᠢᠨ ᠢᠯᠡᠭᠦᠭᠡᠨ ᠠᠷᠭ᠎ᠠ ᠰᠦᠪᠡᠭᠴᠢᠯᠡᠵᠦ᠂ ᠢᠯᠡᠭᠦᠭᠡᠨ ᠪᠤᠳᠤᠯᠬᠢᠯᠠᠵᠤ᠂ ᠡᠬᠢ ᠪᠠᠶᠠᠯᠢᠭ ᠢ ᠤᠯᠠᠮ ᠨᠢᠭᠡ ᠠᠯᠬᠤᠮ ᠨᠢᠭᠡᠳᠦᠯᠳᠡᠢ ᠲᠦᠯᠦᠪᠵᠢᠭᠦᠯᠵᠤ᠂ ᠲᠤᠳᠠᠭᠤᠳᠠᠯ ᠢᠶᠠᠨ ᠨᠦᠭᠦᠪᠦᠷᠢᠯᠡᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠤᠳᠠᠳᠤ ᠦᠷ᠎ᠡ ᠪᠦᠳᠦᠮᠵᠢ ᠪᠠᠷ ᠴᠢᠩᠱᠠᠨ ᠤ ᠴᠢᠨᠠᠷ ᠰᠠᠶᠢᠲᠠᠢ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠪᠠ ᠬᠦᠴᠦᠨ ᠴᠢᠳᠠᠯ ᠡᠷᠭᠦᠬᠦ ᠪᠠᠷ ᠴᠢᠷᠮᠠᠶᠢᠬᠤ ᠬᠡᠷᠡᠭᠳᠡᠢ ᠬᠡᠵᠦ ᠴᠢᠬᠤᠯᠠᠴᠢᠯᠠᠪᠠ᠃                                                   ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号