ᠴᠢᠩᠱᠠᠨ ᠲᠤᠭᠤᠷᠢᠭ ᠪᠡᠶ᠎ᠡ ᠶᠢᠨ ᠦᠨᠡᠮᠯᠡᠯ ᠤᠨ ᠭᠠᠷ ᠭᠦᠢᠴᠡᠳᠭᠡᠯ ᠢ《 ᠮᠤᠵᠢ ᠠᠯᠤᠰᠯᠠᠨ  ᠨᠡᠶᠢᠳᠡᠮ  ᠬᠦᠢᠴᠡᠳᠭᠡᠬᠦ》ᠠᠵᠢᠯ ᠢ ᠠᠩᠬ᠎ᠠ  ᠪᠡᠶᠡᠯᠡᠭᠦᠯᠪᠡ
ᠨᠡᠶᠢᠲᠡᠯᠡᠭᠰᠡᠨ ᠴᠠᠭ᠄
2023/2/3
      《ᠡᠷᠦᠭᠡ ᠠᠮᠠ ᠲᠤᠰ ᠭᠠᠵᠠᠷ ᠲᠤ ᠪᠠᠶᠢᠬᠤ ᠦᠭᠡᠢ ᠴᠤ ᠬᠡᠰᠡᠨ ᠦᠳᠳᠡᠷ ᠲᠦᠷᠭᠡᠨ ᠢᠶᠠᠷ ᠪᠡᠶ᠎ᠡ ᠶᠢᠨ ᠦᠨᠡᠮᠯᠡᠯ ᠤᠨ ᠭᠠᠷ ᠬᠦᠢᠴᠡᠳᠭᠡᠯ ᠢ ᠪᠡᠶᠡᠯᠡᠭᠦᠯᠵᠦ ᠪᠤᠯᠤᠨ᠎ᠠ᠂ ᠤᠯᠠᠨ ᠲᠦᠮᠡᠨ ᠤᠴᠢᠷ ᠶᠠᠪᠤᠳᠠᠯ ᠢᠶᠠᠨ ᠪᠡᠶᠡᠯᠡᠭᠦᠯᠬᠦ ᠳᠤ ᠤᠯᠠᠮ ᠠᠴᠠ ᠤᠯᠠᠮ ᠲᠦᠭᠦᠮ ᠪᠤᠯᠤᠭᠰᠠᠨ ᠪᠠᠶᠢᠨ᠎ᠠ︕》ᠭᠡᠵᠦ ᠤᠶᠢᠷᠠᠬᠠᠨ ᠳᠤ ᠬᠡᠦᠭᠡᠳ ᠢᠶᠠᠨ ᠲᠠᠭᠠᠭᠤᠯᠵᠤ ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ《ᠲᠤᠳᠤᠭᠠᠳᠤ ᠶᠢ ᠬᠠᠮᠠᠭᠠᠯᠠᠬᠤ ᠶᠡᠷᠦᠩᠬᠡᠢ ᠦᠢᠯᠡᠴᠢᠯᠡᠭᠡ》 ᠶᠢᠨ ᠴᠤᠩᠬᠤᠪᠴᠢ ᠳᠤ ᠪᠡᠶ᠎ᠡ ᠶᠢᠨ ᠦᠨᠡᠮᠯᠡᠯ ᠤᠨ ᠭᠠᠷᠳᠠᠮ ᠢᠶᠠᠨ ᠭᠦᠢᠴᠡᠳᠭᠡᠭᠰᠡᠨ ᠬᠤᠤ ᠤᠪᠤᠭᠳᠤ ᠰᠡᠳᠭᠢᠯ ᠬᠦᠳᠡᠯᠦᠮ᠎ᠡ ᠶᠠᠷᠢᠵᠠᠢ᠃
微信图片_20230203150459_副本.jpg
      ᠬᠤᠤ ᠤᠪᠤᠭᠳᠤ ᠨᠢᠭᠡ ᠭᠡᠷ ᠤᠨ ᠬᠢᠨ ᠱᠠᠨ ᠰᠢ ᠮᠤᠵᠢ ᠶᠢᠨ ᠡᠷᠦᠭᠡ ᠠᠮᠠ ᠶᠢᠨ ᠲᠠᠩᠰᠠ ᠲᠠᠢ᠂ ᠪᠤᠭᠤᠳᠤ ᠬᠤᠳᠠ ᠳᠤ ᠤᠷᠳᠤ ᠬᠤᠭᠤᠴᠠᠭ᠎ᠠ ᠪᠠᠷ ᠰᠠᠭᠤᠵᠤ ᠪᠠᠶᠢᠳᠠᠭ᠃ ᠦᠩᠭᠡᠷᠡᠭᠰᠡᠨ ᠤ ᠲᠤᠭᠳᠠᠭᠠᠯ ᠢ ᠦᠨᠳᠦᠰᠦᠯᠡᠪᠡᠯ᠂ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡ ᠦᠭᠡᠢ ᠰᠠᠭᠤᠭᠠᠯᠢ ᠠᠷᠠᠳ ᠪᠡᠶ᠎ᠡ ᠶᠢᠨ ᠦᠨᠡᠮᠯᠡᠯ ᠢᠶᠠᠨ ᠠᠩᠬ᠎ᠠ ᠤᠳᠠᠭ᠎ᠠ ᠭᠤᠶᠤᠴᠢᠯᠠᠬᠤ ᠳᠤ ᠡᠷᠦᠭᠡ ᠠᠮᠠ ᠪᠠᠶᠢᠭ᠎ᠠ ᠭᠠᠵᠠᠷ ᠲᠠᠭᠠᠨ ᠪᠤᠴᠠᠵᠤ ᠭᠠᠷᠳᠠᠮ ᠢᠶᠠᠨ ᠪᠡᠶᠡᠯᠡᠭᠦᠯᠬᠦ ᠴᠢᠬᠤᠯᠠᠳᠠᠢ᠂ ᠬᠤᠤ ᠤᠪᠤᠭᠳᠤ ᠠᠵᠢᠯ  ᠶᠠᠭᠠᠷᠠᠤ ᠠᠴᠠ ᠪᠤᠯᠵᠤ ᠬᠡᠦᠭᠡᠳ ᠲᠡᠭᠡᠨ ᠪᠡᠶ᠎ᠡ ᠶᠢᠨ ᠦᠨᠡᠮᠯᠡᠯ ᠤᠨ ᠭᠠᠷ ᠬᠦᠢᠴᠡᠳᠭᠡᠯ ᠢ ᠬᠢᠭᠦ ᠵᠠᠪ ᠲᠠᠭᠠᠷᠠᠭ᠎ᠠ ᠦᠭᠡᠢ᠃ ᠬᠡᠦᠭᠡᠳ ᠡᠳᠦᠷ ᠲᠤᠳᠤᠮ ᠪᠤᠶᠢᠵᠢᠵᠤ᠂ ᠪᠡᠶ᠎ᠡ ᠶᠢᠨ ᠦᠨᠡᠮᠯᠡᠯ ᠬᠡᠷᠡᠭᠰᠡᠬᠦ ᠭᠠᠵᠠᠷ ᠡᠳᠦᠷ ᠢᠷᠡᠭᠦᠶ᠎ᠡ ᠤᠯᠠᠰᠢᠷᠠᠭᠰᠠᠨ ᠠᠴᠠ᠂ ᠬᠤᠤ ᠤᠪᠤᠭᠳᠤ ᠡᠨᠡ ᠤᠴᠢᠷ ᠤᠨ ᠲᠤᠬᠠᠢ ᠵᠤᠪᠠᠨᠢᠬᠤ ᠪᠤᠯᠪᠠ᠃
微信图片_20230203150505_副本.jpg
      ᠪᠤᠭᠤᠳᠤ ᠬᠤᠳᠠ ᠪᠡᠶ᠎ᠡ ᠶᠢᠨ ᠦᠨᠡᠮᠯᠡᠯ ᠢ《ᠮᠤᠵᠢ ᠠᠯᠤᠰᠯᠠᠨ ᠨᠡᠶᠢᠳᠡᠮ ᠬᠦᠴᠡᠳᠬᠡᠭᠦ》ᠠᠵᠢᠯ ᠢ ᠡᠬᠢᠯᠡᠭᠦᠯᠦᠭᠰᠡᠨ ᠢ ᠰᠤᠨᠤᠰᠤᠭᠠᠳ᠂ 1 ᠰᠠᠷ᠎ᠠ ᠶᠢᠨ 14 ᠤ ᠡᠳᠦᠷ᠂ ᠬᠤᠤ ᠤᠪᠤᠭᠳᠤ ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ᠂ 15 ᠮᠢᠨᠦ᠋ᠲ ᠪᠤᠯᠤᠭ᠎ᠠ ᠦᠭᠡᠢ ᠪᠠᠷ ᠭᠡᠦᠭᠡᠳ ᠤᠨ ᠪᠡᠶ᠎ᠡ ᠶᠢᠨ ᠦᠨᠡᠮᠯᠡᠯ ᠤᠨ ᠭᠠᠷ ᠬᠦᠢᠴᠡᠳᠭᠡᠯ ᠢ ᠪᠡᠶᠡᠯᠡᠭᠦᠯᠡᠭᠰᠡᠨ ᠪᠠᠶᠢᠨ᠎ᠠ᠃ ᠤᠶᠢᠯᠠᠭᠠᠭᠰᠠᠨ ᠢᠶᠠᠷ᠂ ᠡᠨᠡ  ᠨᠢ ᠮᠦᠨ ᠴᠤ ᠴᠢᠩᠱᠠᠨ ᠲᠤᠭᠤᠷᠢᠭ ᠪᠡᠶ᠎ᠡ ᠶᠢᠨ ᠦᠨᠡᠮᠯᠡᠯ ᠤᠨ ᠭᠠᠷ ᠭᠦᠢᠴᠡᠳᠭᠡᠯ ᠢ《ᠮᠤᠵᠢ ᠠᠯᠤᠰᠯᠠᠨ  ᠨᠡᠶᠢᠳᠡᠮ ᠬᠦᠢᠴᠡᠳᠭᠡᠬᠦ》 ᠶᠢ ᠠᠩᠬ᠎ᠠ ᠪᠡᠶᠡᠯᠡᠭᠦᠯᠵᠦ᠂ ᠠᠩᠬ᠎ᠠ ᠤᠳᠠᠭ᠎ᠠ ᠪᠡᠶ᠎ᠡ ᠶᠢᠨ ᠦᠨᠡᠮᠯᠡᠯ ᠤᠨ ᠭᠠᠷ ᠭᠦᠢᠴᠡᠳᠭᠡᠯ ᠢ《ᠮᠤᠵᠢ ᠠᠯᠤᠰᠯᠠᠨ ᠨᠡᠶᠢᠳᠡᠮ ᠬᠦᠢᠴᠡᠳᠭᠡᠬᠦ》 ᠶᠢ ᠪᠤᠳᠠᠳᠠᠢ ᠬᠡᠷᠡᠭᠵᠢᠭᠦᠯᠬᠦ ᠱᠠᠳᠤᠨ ᠳᠠᠭᠠᠨ ᠤᠷᠤᠭᠤᠯᠤᠭᠰᠠᠨ ᠢ ᠬᠠᠷᠠᠭᠤᠯᠵᠤ ᠪᠤᠢ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ《ᠮᠤᠵᠢ ᠠᠯᠤᠰᠯᠠᠨ ᠨᠡᠶᠢᠳᠡᠮ ᠬᠦᠴᠡᠳᠬᠡᠭᠦ》 ᠶᠢ ᠲᠦᠯᠬᠢᠨ ᠠᠬᠢᠭᠤᠯᠬᠤ ᠨᠢ《 ᠲᠠᠯᠪᠢᠬᠤ᠂ ᠬᠠᠮᠢᠶᠠᠷᠬᠤ᠂ ᠦᠢᠯᠡᠴᠢᠯᠡᠬᠦ》 ᠦᠭᠡᠷᠡᠴᠢᠯᠡᠯᠳᠡ ᠶᠢ ᠲᠦᠯᠬᠢᠨ ᠠᠬᠢᠭᠤᠯᠬᠤ ᠴᠢᠬᠤᠯᠠ ᠠᠭᠤᠯᠭ᠎ᠠ ᠮᠦᠨ᠂ ᠮᠦᠨ ᠴᠤ ᠤᠯᠠᠨ ᠲᠦᠮᠡᠨ ᠤ ᠠᠮᠢᠳᠤᠷᠠᠯ ᠳᠤ ᠲᠦᠭᠦᠮ ᠦᠵᠡᠭᠦᠯᠬᠦ ᠵᠠᠶᠢᠯᠠᠰᠢ ᠦᠭᠡᠢ ᠱᠠᠭᠠᠷᠳᠠᠯᠭ᠎ᠠ᠂ ᠨᠡᠩ ᠴᠤ ᠠᠵᠤ ᠠᠬᠤᠢ ᠨᠡᠶᠢᠭᠡᠮ ᠳᠤ ᠦᠢᠯᠡᠴᠢᠯᠡᠬᠦ ᠨᠢᠭᠡᠨ ᠴᠢᠬᠤᠯᠠ ᠠᠷᠭ᠎ᠠ ᠮᠦᠨ᠃ ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠴᠢᠩᠱᠠᠨ ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠡ ᠶᠢᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠵᠠᠰᠠᠭ ᠤᠨ ᠶᠠᠪᠤᠳᠠᠯ ᠢ ᠬᠢᠨᠠᠨ ᠵᠦᠪᠰᠢᠶᠡᠷᠡᠭᠦ ᠲᠤᠮᠳᠠ ᠠᠩᠭᠢ ᠶᠢ ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ  ᠴᠤᠩᠬᠤᠪᠴᠢ ᠳᠤ ᠤᠷᠤᠭᠤᠯᠤᠭᠰᠠᠨ ᠨᠢ᠂ ᠲᠤᠰ ᠠᠵᠢᠯ ᠢ ᠰᠠᠶᠢᠳᠤᠷ ᠬᠢᠭᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠢ ᠬᠦᠢᠴᠡᠳ ᠲᠠᠨᠢᠵᠤ᠂ ᠠᠵᠢᠯ ᠤᠨ ᠬᠠᠷᠢᠭᠤᠴᠠᠯᠭᠠᠳᠤ ᠣᠪᠣᠷ ᠪᠠ ᠲᠤᠯᠭᠠᠮ᠎ᠠ ᠰᠡᠳᠬᠢᠯ ᠲᠠᠢ ᠪᠠᠶᠢᠬᠤ ᠶᠢ ᠬᠠᠷᠠᠭᠤᠯᠵᠠᠢ᠃      ᠲᠠᠷᠠᠭᠠᠴᠢ ᠶᠢᠨ ᠠᠯᠬᠤᠮ᠂ ᠴᠢᠩᠱᠠᠨ ᠲᠤᠭᠤᠷᠢᠭ ᠲᠤᠰ ᠤᠳᠠᠭᠠᠨ ᠤ ᠪᠡᠶ᠎ᠡ ᠶᠢᠨ ᠦᠨᠡᠮᠯᠡᠯ ᠤᠨ ᠭᠠᠷ ᠭᠦᠢᠴᠡᠳᠭᠡᠯ ᠢ《 ᠮᠤᠵᠢ ᠠᠯᠤᠰᠯᠠᠨ ᠨᠡᠶᠢᠳᠡᠮ ᠬᠦᠢᠴᠡᠳᠭᠡᠬᠦ》ᠠᠵᠢᠯ ᠢᠶᠠᠷ ᠭᠠᠷᠳᠠᠴᠠ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠤᠯᠠᠨ ᠶᠠᠪᠤᠳᠠᠯ ᠢ《 ᠮᠤᠵᠢ ᠠᠯᠤᠰᠯᠠᠨ ᠨᠡᠶᠢᠳᠡᠮ  ᠬᠦᠴᠡᠳᠬᠡᠭᠦ》ᠠᠵᠢᠯ ᠢ  ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠳᠠ ᠦᠭᠡᠢ ᠰᠢᠯᠢᠳᠡᠭᠵᠢᠭᠦᠯᠦᠨ᠂ ᠶᠠᠪᠤᠳᠠᠯ ᠬᠦᠴᠡᠳᠬᠡᠭᠦ ᠠᠷᠭ᠎ᠠ ᠵᠠᠮ ᠢᠶᠠᠨ ᠡᠯᠪᠡᠭᠵᠢᠭᠦᠯᠦᠨ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯᠳᠤ ᠲᠦᠷᠦᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃                                                  ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号