ᠲᠤᠭᠤᠷᠢᠭ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠬᠦᠴᠦᠨ ᠢᠶᠠᠨ ᠬᠤᠷᠠᠮᠳᠤᠭᠤᠯᠤᠨ᠂ ᠴᠣ ᠰᠢᠨ᠎ᠡ ᠲᠦᠷᠰᠦ ᠪᠠᠶᠢᠳᠠᠯ ᠢᠶᠠᠷ ᠢᠶᠠᠨ ᠤᠷᠤᠭᠰᠢᠯᠠᠵᠤ ᠪᠤᠢ
ᠨᠡᠶᠢᠲᠡᠯᠡᠭᠰᠡᠨ ᠴᠠᠭ᠄
2023/2/3
      1 ᠰᠠᠷ᠎ᠠ ᠶᠢᠨ 30 ᠤ ᠡᠳᠦᠷ᠂ ᠲᠤᠭᠤᠷᠢᠭ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ 2023 ᠤᠨ ᠤ ᠠᠵᠢᠯᠳᠠᠨ ᠠᠵᠢᠯᠴᠢᠨ ᠤ ᠶᠡᠭᠡ ᠬᠤᠷᠠᠯ ᠵᠢᠴᠢ ᠠᠵᠢᠯ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ ᠬᠤᠷᠠᠯ ᠲᠡᠭᠡᠷ᠎ᠡ᠂ 2022 ᠤᠨ ᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰ ᠭᠠᠵᠠᠷ ᠤᠷᠤᠨ ᠤ ᠢᠶᠠᠨ ᠪᠤᠳᠠᠳᠤ ᠪᠠᠶᠢᠳᠠᠯ ᠳᠤ ᠰᠠᠭᠤᠷᠢᠯᠠᠨ᠂ ᠲᠠᠪᠠᠭᠤᠯᠢᠭ ᠢᠶᠠᠨ ᠬᠦᠢᠴᠡᠳ ᠠᠭᠤᠳᠠᠯᠵᠤ᠂ 2023 ᠤᠨ ᠤ ᠠᠵᠢᠯ ᠤᠨ ᠲᠤᠬᠠᠢ ᠰᠡᠳᠬᠢᠴᠡ᠂ ᠠᠷᠭ᠎ᠠ ᠪᠤᠳᠤᠯᠭ᠎ᠠ ᠪᠠᠨ ᠶᠠᠷᠢᠵᠤ᠂ ᠲᠤᠷᠰᠢᠯᠭ᠎ᠠ ᠪᠠᠨ ᠳ᠋ᠦᠩᠨᠡᠬᠦ ᠶᠢᠨ ᠲᠠᠭᠠᠤ ᠬᠦᠢᠴᠡᠳ ᠪᠤᠰᠤ ᠲᠠᠯ᠎ᠠ ᠳᠤ ᠵᠠᠳᠠᠯᠤᠯᠳᠠ ᠬᠢᠵᠤ᠂ ᠡᠨᠡ ᠵᠢᠯ ᠤᠨ ᠭᠤᠤᠯᠳᠠᠯᠭᠠᠳᠤ ᠠᠵᠢᠯ ᠳᠤ ᠪᠦᠬᠦ ᠲᠠᠯ᠎ᠠ ᠶᠢᠨ᠂ ᠰᠢᠰᠲ᠋ᠧᠮ ᠲᠠᠢ ᠲᠦᠯᠦᠪᠵᠢᠭᠦᠯᠭᠡ ᠬᠢᠵᠡᠢ᠃ ᠲᠠᠷᠠᠭᠠᠴᠢ ᠶᠢᠨ ᠠᠯᠬᠤᠮ᠂ ᠲᠤᠭᠤᠷᠢᠭ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠴᠠᠭ ᠢ ᠠᠮᠵᠢᠬᠤ ᠵᠤᠷᠢᠭ ᠰᠠᠨᠠᠭ᠎ᠠ ᠪᠠ ᠰᠠᠶᠢᠬᠠᠨ ᠤᠪᠣᠷ ᠰᠤᠷᠳᠠᠯ ᠢᠶᠠᠷ᠂ ᠲᠦᠭᠦᠮ ᠲᠦᠲᠡ᠂ ᠲᠤᠳᠤᠨᠤ ᠲᠡᠷᠢᠭᠦᠨ ᠤ ᠮᠦᠩᠭᠦᠨ ᠬᠦᠢᠯᠭᠡᠭᠡᠨ ᠤ ᠤᠷᠴᠢᠨ ᠲᠤᠭᠤᠷᠢᠨ ᠢ ᠪᠦᠬᠦ ᠬᠦᠴᠦᠨ ᠢᠶᠠᠷ ᠪᠤᠢ ᠪᠤᠯᠭᠠᠬᠤ ᠪᠠᠷ ᠴᠢᠷᠮᠠᠶᠢᠨ᠎ᠠ᠃
微信图片_20230203155951_副本.jpg
                                                ᠤᠷᠴᠢᠭᠤᠯᠤᠭᠴᠢ᠄ ᠠᠯᠢᠮ᠎ᠠ                                                ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号