ᠯᠸᠢ ᠹᠧᠩ ᠲᠡᠷᠭᠡᠨ ᠠᠩᠭᠢ 2007 ᠤᠨ ᠳᠤ ᠪᠠᠶᠢᠭᠤᠯᠤᠭᠳᠠᠵᠠᠢ᠂ ᠲᠤᠬᠠᠢ ᠶᠢᠨ ᠦᠶ᠎ᠡ ᠳᠤ᠂ ᠠᠷᠪᠠᠨ | ᠬᠡᠳᠦᠨ ᠬᠠᠯᠠᠭᠤᠨ ᠰᠡᠳᠬᠢᠯ ᠲᠠᠢ ᠲᠦᠷᠢᠶᠡᠰᠦᠨ ᠮᠠᠰᠢᠨ ᠤ ᠵᠢᠯᠣᠭᠤᠴᠢ ᠨᠢᠭᠡ ᠲᠤᠤᠷ᠎ᠠ ᠴᠤᠭᠯᠠᠷᠠᠵᠤ᠂ ᠨᠡᠶᠢᠭᠡᠮ ᠳᠤ | ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠬᠤ ᠪᠠᠷ ᠲᠠᠮᠵᠢᠨ᠂ ᠲᠦᠷᠢᠶᠡᠰᠦᠨ ᠮᠠᠰᠢᠨ ᠤ ᠠᠵᠢᠯ ᠲᠦᠷᠦᠯ ᠤᠨ | ᠦᠢᠯᠡᠴᠢᠯᠡᠭᠡᠨ ᠤ ᠲᠦᠷᠢ ᠲᠦᠷᠬᠦ ᠶᠢ ᠲᠡᠭᠡᠭᠰᠢᠯᠡᠭᠦᠯᠬᠦ ᠪᠠᠷ ᠲᠡᠷᠭᠡᠨ ᠠᠩᠭᠢ ᠶᠢ ᠪᠠᠶᠢᠭᠤᠯᠵᠠᠢ᠃ | | | | | | | 2009 ᠤᠨ ᠳᠤ᠂ ᠤᠯᠤᠰ ᠤᠨ ᠲᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠰᠢ ᠶᠢᠨ | ᠫᠢᠩ ᠲᠤᠰ ᠲᠡᠷᠭᠡᠨ ᠠᠩᠭᠢ ᠶᠢᠨ ᠦᠢᠯᠡᠳᠦᠯᠭᠡ ᠶᠢᠨ ᠬᠦᠳᠡᠯᠭᠡᠭᠡᠨ ᠳᠤ ᠴᠢᠬᠤᠯᠠ ᠴᠤᠬᠤᠯᠠᠪᠤᠷᠢ ᠬᠢᠵᠡᠢ᠂ ᠡᠨᠡ ᠨᠢ | ᠮᠦᠨ ᠴᠤ ᠨᠠᠮ ᠤᠨ ᠪᠠᠶᠢᠭᠤᠯᠤᠯᠳᠠ ᠡᠶᠢᠮᠦ ᠨᠢᠭᠡᠨ ᠵᠤᠬᠢᠶᠠᠨ ᠪᠠᠶᠢᠭᠤᠯᠤᠯᠳᠠ ᠳᠠᠬᠢ ᠴᠢᠬᠤᠯᠠ ᠴᠢᠨᠠᠷ ᠢ ᠤᠯᠠᠨ ᠳᠤ | ᠲᠠᠨᠢᠭᠤᠯᠵᠠᠢ᠃ | | | | | | ᠨᠠᠮ ᠤᠨ ᠭᠡᠰᠢᠭᠦᠳ ᠤᠨ ᠲᠠᠭᠠᠭᠤᠯᠭ᠎ᠠ ᠪᠠᠷ᠂ ᠡᠨᠡᠬᠦ ᠲᠡᠷᠭᠡᠨ ᠠᠩᠭᠢ ᠶᠢᠨ ᠰᠠᠶᠢᠨ ᠲᠤᠷ᠎ᠠ ᠶᠢᠨ ᠦᠢᠯᠡᠴᠢᠯᠡᠭᠡ | ᠣᠳᠤ ᠪᠤᠯᠳᠠᠯ᠎ᠠ ᠨᠢᠭᠡᠨᠳᠡ 15 ᠵᠢᠯ ᠦᠢᠯᠡᠴᠢᠯᠡᠵᠡᠢ᠃ ᠦᠢᠯᠡᠴᠢᠯᠡᠭᠡᠨ ᠤ ᠠᠩᠭᠢ ᠶᠢᠨ ᠨᠠᠮ ᠤᠨ ᠭᠡᠰᠢᠭᠦᠨ ᠤ ᠲᠤᠭ᠎ᠠ | ᠨᠢ ᠪᠠᠶᠢᠭᠤᠯᠤᠭᠳᠠᠭᠰᠠᠨ ᠤ ᠠᠩᠬᠠᠨ ᠤ ᠦᠶ᠎ᠡ ᠶᠢᠨ 17 ᠬᠦᠮᠦᠨ ᠠᠴᠠ ᠣᠳᠣ ᠪᠤᠯᠳᠠᠯᠠᠬᠢ 48 ᠬᠦᠮᠦᠨ ᠪᠤᠯᠵᠤ | ᠨᠡᠮᠡᠭᠳᠡᠵᠡᠢ᠃ ᠡᠭᠦᠨ ᠠᠴᠠ ᠭᠠᠳᠠᠨ᠎ᠠ᠂ ᠪᠠᠰᠠ 30 ᠭᠠᠷᠤᠢ ᠨᠠᠮ ᠳᠤ ᠤᠷᠤᠬᠤ ᠢᠳᠡᠪᠬᠢᠳᠡᠨ ᠪᠤᠢ᠃ | | | | | | | | ᠡᠳᠡᠭᠡᠷ ᠵᠢᠯ ᠳᠤ᠂ ᠯᠸᠢ ᠹᠧᠩ ᠲᠡᠷᠭᠡᠨ ᠠᠩᠭᠢ ᠶᠢᠨ ᠨᠠᠮ ᠤᠨ ᠶᠡᠷᠦᠩᠭᠡᠢ ᠡᠭᠦᠷ ᠨᠡᠶᠢᠲᠡ ᠶᠢᠨ ᠠᠰᠠᠷᠠᠮᠵᠢ ᠶᠢᠨ | ᠦᠢᠯᠡᠴᠢᠯᠡᠭᠡ ᠶᠢ ᠢᠮᠠᠭᠳᠠ ᠨᠡᠶᠢᠭᠡᠮ ᠤᠨ ᠦᠨᠳᠦᠰᠦᠨ ᠱᠠᠳᠤᠨ ᠤ ᠵᠠᠰᠠᠯᠲᠠ ᠶᠢ ᠲᠡᠮᠵᠢᠭᠦ ᠴᠢᠬᠤᠯᠠ ᠭᠠᠷᠳᠠᠴᠠ | ᠪᠤᠯᠭᠠᠵᠤ᠂ ᠲᠦᠮᠡ ᠭᠠᠷᠤᠢ ᠰᠢᠯᠭᠠᠭᠤᠯᠢ ᠳᠤ ᠤᠷᠤᠯᠴᠠᠬᠤ ᠰᠤᠷᠤᠭᠴᠢᠳ ᠢ ᠰᠢᠯᠭᠠᠭᠤᠯᠢ ᠶᠢᠨ ᠲᠠᠯᠠᠪᠤᠷ ᠲᠤ | ᠬᠦᠷᠭᠡᠵᠦ᠂ ᠲᠦᠭᠡᠷᠢᠭᠰᠡᠨ ᠨᠠᠰᠤᠳᠠᠨ ᠪᠠ ᠤᠶᠤᠨ ᠤ ᠰᠠᠭᠠᠳ ᠲᠠᠢ ᠬᠡᠦᠭᠡᠳ ᠢ 350 ᠭᠠᠷᠤᠢ ᠤᠳᠠᠭ᠎ᠠ | ᠬᠠᠪᠰᠤᠷᠤᠨ ᠡᠷᠢᠵᠤ᠂ ᠠᠶᠠᠨᠴᠢᠳ ᠲᠤ 24.5 ᠲᠦᠮᠡ ᠭᠠᠷᠤᠢ ᠲᠦᠭᠦᠷᠢᠭ ᠢ ᠪᠤᠴᠠᠭᠠᠵᠤ᠂ ᠨᠡᠶᠢᠭᠡᠮ ᠲᠤᠭᠤᠷᠢᠭ ᠤᠨ | 70 ᠨᠠᠰᠤᠨ ᠠᠴᠠ ᠲᠡᠭᠡᠭᠰᠢᠬᠢ ᠨᠠᠰᠤᠳᠠᠳ ᠪᠠ ᠵᠡᠮᠳᠡᠭᠴᠦᠳ ᠢ ᠮᠢᠩᠭ᠎ᠠ ᠭᠠᠷᠤᠢ ᠬᠦᠮᠦᠨ ᠢ ᠲᠡᠭᠡᠭᠡᠵᠡᠢ᠃ | | | | | | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠵᠢᠭᠠᠵᠤ ᠭᠠᠷᠭᠠᠭᠰᠠᠨ ᠨᠢ᠂ ᠨᠠᠮ ᠤᠨ ᠵᠤᠬᠢᠶᠠᠨ | ᠪᠠᠶᠢᠭᠤᠯᠤᠯᠳᠠ ᠶᠢᠨ ᠤᠯᠤᠰ ᠲᠦᠷᠦ ᠶᠢᠨ ᠴᠢᠳᠠᠮᠵᠢ ᠪᠠ ᠵᠤᠬᠢᠶᠠᠨ ᠪᠠᠶᠢᠭᠤᠯᠤᠯᠳᠠ ᠶᠢᠨ ᠴᠢᠳᠠᠮᠵᠢ ᠶᠢ | ᠲᠡᠭᠡᠭᠰᠢᠯᠡᠭᠦᠯᠵᠦ᠂ ᠨᠢᠭᠳᠠ ᠴᠢᠩᠭ᠎ᠠ ᠵᠤᠬᠢᠶᠠᠨ ᠪᠠᠶᠢᠭᠤᠯᠤᠯᠳᠠᠶᠢᠨ ᠰᠢᠰᠲ᠋ᠧᠮ ᠨᠢ ᠨᠠᠮ ᠤᠨ ᠲᠠᠪᠠᠭᠤᠯᠢᠭ ᠬᠦᠴᠦᠨ | ᠮᠦᠨ᠂ ᠯᠸᠢ ᠹᠧᠩ ᠲᠡᠷᠭᠡᠨ ᠠᠩᠭᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮ ᠨᠢᠭᠡ | ᠠᠯᠬᠤᠮ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠳᠠ ᠪᠠᠷ ᠰᠠᠶᠢᠨ ᠲᠤᠷ᠎ᠠ ᠶᠢᠨ ᠦᠢᠯᠡᠴᠢᠯᠡᠭᠡᠨ ᠤ | ᠲᠦᠪᠰᠢᠨ ᠢ ᠦᠷᠬᠦᠯᠵᠢᠯᠡᠨ ᠲᠡᠭᠡᠰᠢᠯᠡᠭᠦᠯᠬᠦ ᠶᠢ ᠤᠳᠤᠷᠢᠳᠤᠨ ᠲᠠᠭᠠᠭᠤᠯᠤᠨ᠎ᠠ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | |