ᠤᠮᠠᠷᠠᠳᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠲᠤᠮᠳᠠᠳᠤ ᠤᠯᠤᠰ ᠤᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠤᠯᠪᠤᠭᠠᠳᠤ ᠬᠤᠷᠠᠯ ᠤᠨ ᠴᠠᠬᠢᠯᠭᠠᠨ ᠬᠦᠴᠦᠨ ᠤ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠳᠡ ᠶᠢᠨ ᠨᠢᠭᠡᠳᠦᠭᠡᠷ ᠲᠡᠰ ᠤᠨ ᠱᠠᠩᠨᠠᠯ ᠲᠤᠰᠴᠠᠢ
ᠨᠡᠶᠢᠲᠡᠯᠡᠭᠰᠡᠨ ᠴᠠᠭ᠄
2023/2/6
      ᠤᠶᠢᠷ᠎ᠠ ᠳᠤ᠂ ᠲᠤᠮᠳᠠᠳᠤ ᠤᠯᠤᠰ ᠤᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠬᠤᠯᠪᠤᠭᠠᠳᠤ ᠬᠤᠷᠠᠯ 2022 ᠤᠨ ᠤ ᠴᠠᠬᠢᠯᠭᠠᠨ ᠬᠦᠴᠦᠨ ᠤ ᠰᠢᠨ᠎ᠡ ᠡᠭᠦᠳᠦᠯᠳᠡ ᠶᠢᠨ ᠱᠠᠩᠨᠠᠯ ᠬᠦᠷᠳᠡᠭᠰᠡᠨ ᠨᠡᠷᠡᠰ ᠢ ᠨᠡᠶᠢᠳᠡᠯᠡᠪᠡ᠃ ᠤᠮᠠᠷᠠᠳᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ《ᠬᠡᠳᠦ ᠬᠡᠳᠦ ᠬᠢᠵᠠᠭᠠᠷ ᠤᠨ ᠮᠠᠰᠢᠨ ᠴᠤᠭᠴᠠᠯᠠᠪᠤᠷᠢ ᠶᠢᠨ ᠲᠦᠷᠪᠡᠨ ᠲᠤᠮᠤ ᠬᠤᠭᠤᠯᠠᠢ ᠶᠢᠨ ᠦᠢᠯᠡᠳᠭᠡᠯ ᠪᠠ ᠠᠯᠪᠠ ᠬᠠᠭᠠᠬᠤ ᠤᠨ ᠠᠮᠤᠷ ᠲᠦᠪᠰᠢᠨ ᠤ ᠵᠠᠩᠬᠢᠯᠠᠭ᠎ᠠ ᠶᠢᠨ ᠮᠡᠷᠭᠡᠵᠢᠯ ᠵᠢᠴᠢ ᠬᠡᠷᠡᠭᠯᠡᠭᠡ》ᠬᠡᠭᠦ ᠰᠢᠨ᠎ᠡ ᠡᠭᠦᠳᠦᠯᠳᠡ ᠶᠢᠨ ᠦᠷ᠎ᠡ ᠪᠦᠳᠦᠭᠡᠯ ᠨᠢ ᠴᠠᠬᠢᠯᠭᠠᠨ ᠬᠦᠴᠦᠨ ᠤ ᠰᠢᠨᠵᠢᠯᠡᠭᠡ ᠮᠡᠷᠭᠡᠵᠢᠯ ᠤᠨ ᠰᠢᠨ᠎ᠡ ᠡᠭᠦᠳᠦᠯᠳᠡ ᠶᠢᠨ ᠨᠢᠭᠡᠳᠦᠭᠡᠷ ᠲᠡᠰ ᠤᠨ ᠱᠠᠩᠨᠠᠯ ᠢ ᠲᠤᠰᠴᠠᠢ᠃ ᠲᠤᠰ ᠲᠦᠷᠦᠯ ᠵᠦᠢᠯ ᠤᠨ ᠦᠷ᠎ᠡ ᠪᠦᠳᠦᠭᠡᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠲᠠ᠂ ᠮᠠᠰᠢᠨ ᠴᠤᠭᠴᠠᠯᠠᠪᠤᠷᠢ ᠶᠢᠨ ᠠᠮᠤᠷ ᠲᠦᠪᠰᠢᠨ᠂ ᠠᠵᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠬᠤ ᠳᠤ ᠬᠦᠨᠳᠦ ᠶᠡᠭᠡ ᠠᠴᠢ ᠬᠤᠯᠪᠤᠭᠳᠠᠯ ᠲᠠᠢ ᠪᠠᠶᠢᠭ᠎ᠠ ᠶᠤᠮ᠃ ᠣᠳᠣ ᠪᠤᠯᠳᠠᠯ᠎ᠠ᠂ ᠤᠮᠠᠷᠠᠳᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠨᠢᠭᠡᠨᠳᠡ 49 ᠬᠡᠳᠦ ᠬᠢᠵᠠᠭᠠᠷ ᠤᠨ ᠮᠠᠰᠢᠨ ᠴᠤᠭᠴᠠᠯᠠᠪᠤᠷᠢ ᠶᠢᠨ ᠴᠠᠬᠢᠯᠭᠠᠨ ᠤ ᠦᠢᠯᠡᠳᠪᠦᠷᠢ ᠳᠤ ᠲᠠᠸᠠᠷ ᠬᠠᠩᠭᠠᠵᠤ᠂ 90 ᠮᠠᠰᠢᠨ ᠤ ᠲᠤᠭᠤᠶᠢᠯᠠᠩ᠂ 80 ᠬᠡᠳᠦ ︵ᠲᠡᠳ᠋︶ ᠬᠢᠵᠠᠭᠠᠷ ᠤᠨ ᠴᠠᠬᠢᠯᠭᠠᠨ ᠤ ᠦᠢᠯᠡᠳᠪᠦᠷᠢ᠂ 150 ᠮᠠᠰᠢᠨ ᠤ ᠪᠦᠯᠦᠭᠯᠡᠯ᠂ 300MW ᠤᠨ ᠲᠡᠳ᠋ ᠬᠢᠵᠠᠭᠠᠷ ᠠᠴᠠ 1000MW ᠤᠨ ᠬᠡᠳᠦ ᠬᠢᠵᠠᠭᠠᠷ ᠤᠨ ᠬᠤᠶᠠᠳᠠᠬᠢ ᠤᠳᠠᠭᠠᠨ ᠤ ᠲᠠᠬᠢᠨ ᠬᠠᠯᠠᠭᠠᠯᠲᠠ ᠶᠢᠨ ᠪᠦᠬᠦ ᠰᠢᠷᠢᠰ ᠤᠨ ᠪᠠᠷᠠᠭ᠎ᠠ ᠬᠠᠩᠭᠠᠬᠤ ᠠᠵᠢᠯ ᠤᠨ ᠪᠦᠳᠦᠮᠵᠢ ᠶᠢ ᠪᠡᠶᠡᠯᠡᠭᠦᠯᠵᠦ᠂ ᠮᠠᠨ ᠤ ᠤᠯᠤᠰ ᠤᠨ ᠪᠡᠶ᠎ᠡ ᠪᠠᠨ ᠲᠠᠭᠠᠭᠠᠨ ᠲᠦᠷᠪᠡᠨ ᠲᠤᠮᠤ ᠬᠤᠭᠤᠯᠠᠢ ᠶᠢ ᠦᠢᠯᠡᠳᠪᠦᠷᠢᠯᠡᠬᠦ ᠠᠬᠢᠴᠠ ᠶᠢ ᠦᠷᠭᠦᠯᠵᠢᠯᠡᠨ ᠠᠬᠢᠭᠤᠯᠬᠤ ᠳᠤ ᠰᠠᠭᠤᠷᠢ ᠶᠢ ᠪᠠᠳᠤᠳᠬᠠᠵᠠᠢ᠃
微信图片_20230206145520_副本.jpg
                                                ᠤᠷᠴᠢᠭᠤᠯᠤᠭᠴᠢ᠄ ᠠᠯᠢᠮ᠎ᠠ                                                ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号