ᠡᠷᠡᠯᠬᠡᠭ ᠪᠠᠭᠠᠳᠤᠷᠯᠢᠭ ᠢᠶᠠᠷ ᠲᠡᠷᠢᠭᠦᠨ ᠳᠤ ᠤᠷᠤᠬᠤ ᠪᠠᠷ ᠴᠢᠷᠮᠠᠶᠢᠵᠤ ᠪᠤᠢ︕ ᠴᠢᠩᠱᠠᠨ ᠲᠤᠭᠤᠷᠢᠭ ᠤᠨ  ᠬᠢᠨ ᠠᠷᠠᠯᠵᠢᠶᠠᠴᠢᠨ ᠤᠷᠢᠵᠤ ᠪᠡᠯᠡ ᠤᠷᠤᠭᠤᠯᠤᠨ ᠠᠪᠴᠢᠷᠠᠬᠤ ᠬᠠᠮ ᠠᠷᠭ᠎ᠠ ᠬᠡᠮᠵᠢᠶ᠎ᠡ ᠠᠪᠴᠤ ᠪᠠᠶᠢᠨ᠎ᠠ
ᠨᠡᠶᠢᠲᠡᠯᠡᠭᠰᠡᠨ ᠴᠠᠭ᠄
2023/2/7
      ᠠᠷᠠᠯᠵᠢᠶᠠᠴᠢᠨ ᠤᠷᠢᠵᠤ ᠪᠡᠯᠡ ᠤᠷᠤᠭᠤᠯᠤᠨ ᠠᠪᠴᠢᠷᠠᠬᠤ ᠪᠣᠯ ᠪᠠᠯᠡ ᠤᠷᠤᠭᠤᠯᠤᠯᠳᠠ ᠶᠢ ᠲᠠᠶᠢᠴᠢᠯᠠᠨ ᠠᠵᠢᠯ ᠤᠯᠭᠤᠯᠤᠳᠠ ᠶᠢ ᠰᠢᠢᠳᠪᠦᠷᠢᠯᠡᠵᠦ᠂ ᠠᠵᠤ ᠠᠬᠤᠢ ᠶᠢᠨ ᠲᠦᠷᠭᠡᠨ ᠬᠦᠭᠵᠢᠯᠳᠡ ᠶᠢ ᠠᠬᠢᠭᠤᠯᠵᠤ᠂ ᠭᠠᠵᠠᠷ ᠤᠷᠤᠨ ᠤ ᠲᠡᠷᠢᠭᠦᠨ ᠳᠤ ᠤᠷᠤᠬᠤ ᠪᠠᠷ ᠴᠢᠷᠮᠠᠶᠢᠬᠤ ᠬᠠᠮᠤᠭ ᠤᠨ ᠪᠦᠳᠦᠮᠵᠢᠳᠡᠢ ᠠᠷᠭ᠎ᠠ ᠵᠠᠮ ᠮᠦᠨ᠃ ᠴᠢᠩᠱᠠᠨ ᠲᠤᠭᠤᠷᠢᠭ ᠪᠦᠬᠦ ᠬᠤᠳᠠ ᠶᠢᠨ《ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ》ᠲᠠᠶᠢᠴᠢᠯᠡᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠤᠨ᠂ ᠪᠦᠬᠦ ᠬᠤᠳᠠ ᠶᠢᠨ ᠴᠢᠨᠠᠷ ᠰᠠᠶᠢᠲᠠᠢ ᠬᠦᠭᠵᠢᠯᠳᠡ ᠶᠢᠨ ᠲᠠᠭᠠᠭᠤᠯᠤᠭᠴᠢ ᠶᠢᠨ ᠬᠠᠷᠠᠯᠳᠠ ᠶᠢᠨ ᠲᠤᠭᠤᠷᠢᠨ ᠳᠤ᠂ ᠠᠷᠠᠯᠵᠢᠶᠠᠴᠢᠨ ᠤᠷᠢᠵᠤ ᠪᠡᠯᠡ ᠤᠷᠤᠭᠤᠯᠤᠨ ᠠᠪᠴᠢᠷᠠᠬᠤ  ᠴᠢᠨᠠᠷ ᠴᠢᠨᠰᠠᠭ᠎ᠠ ᠦᠷ᠎ᠡ ᠠᠰᠢᠭ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠪᠦᠬᠦ ᠬᠤᠳᠠ ᠳᠤ ᠦᠢᠯᠡᠴᠢᠯᠡᠵᠦ ᠪᠠᠶᠢᠭ᠎ᠠ《 ᠲᠡᠯᠡᠭᠡᠢ ᠶᠢᠨ ᠪᠤᠬᠢᠷᠳᠤᠯ ᠦᠭᠡᠢ ᠴᠠᠬᠢᠭᠤᠷ ᠤᠨ ᠨᠡᠶᠢᠰᠯᠡᠯ》《ᠲᠠᠪᠤᠨ ᠶᠡᠭᠡ ᠲᠠᠶᠢᠨ ᠤ ᠰᠢᠨ᠎ᠡ ᠠᠵᠤ ᠦᠢᠯᠡᠰ ᠤᠨ ᠪᠦᠯᠦᠭᠯᠡᠯ》 ᠢ ᠴᠢᠷᠮᠠᠶᠢᠨ ᠪᠤᠢ ᠪᠤᠯᠭᠠᠵᠤ᠂ ᠵᠢᠷᠭᠤᠭᠠᠨ ᠶᠡᠭᠡ ᠲᠠᠪᠠᠭᠤᠯᠢᠭ ᠤᠨᠴᠠᠯᠢᠭᠳᠤ ᠠᠵᠤ ᠤᠶᠢᠯᠡᠰ ᠪᠠ ᠢᠷᠡᠭᠡᠳᠦᠢ ᠶᠢᠨ ᠠᠵᠤ ᠦᠢᠯᠡᠰ ᠲᠤ ᠵᠠᠳᠠᠯᠤᠯᠳᠠ ᠬᠢᠭᠦ ᠪᠠᠷ ᠲᠠᠮᠵᠢᠨ᠂《ᠠᠷᠠᠯᠵᠢᠶᠠᠴᠢᠨ ᠤᠷᠢᠬᠤ ᠵᠢᠷᠤᠭ ᠢ ᠵᠢᠷᠤᠭᠯᠠᠵᠤ》᠂ ᠨᠠᠷᠢᠯᠢᠭ ᠤᠨᠤᠴᠢᠳᠠᠢ ᠪᠠᠷ ᠠᠷᠠᠯᠵᠢᠶᠠᠴᠢᠨ ᠤᠷᠢᠵᠤ᠂ ᠪᠦᠬᠦ ᠲᠠᠯ᠎ᠠ ᠪᠠᠷ ᠠᠷᠠᠯᠵᠢᠶᠠᠴᠢᠨ ᠤᠷᠢᠵᠤ᠂ ᠦᠢᠯᠡᠴᠢᠯᠡᠭᠡᠨ ᠤ ᠪᠠᠳᠤᠯᠠᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠭᠠᠵᠠᠷ ᠤᠷᠤᠨ ᠤ ᠴᠢᠨᠠᠷ ᠰᠠᠶᠢᠳᠠᠢ ᠬᠦᠭᠵᠢᠯᠳᠡ ᠳᠤ ᠬᠦᠴᠦᠨ ᠬᠤᠷᠠᠮᠳᠤᠭᠤᠯᠵᠤ ᠴᠢᠳᠠᠪᠤᠷᠢ ᠶᠢ ᠨᠡᠮᠡᠭᠳᠡᠭᠦᠯᠵᠡᠢ᠃
微信图片_20230207112318.jpg
      1 ᠰᠠᠷ᠎ᠠ ᠶᠢᠨ 31 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠲᠠᠷᠤᠭ᠎ᠠ ᠪᠠᠢ ᠶᠦᠨ ᠰᠢ ᠠᠷᠠᠯᠵᠢᠶᠠᠴᠢᠨ ᠤᠷᠢᠬᠤ ᠲᠤᠭᠤᠶᠢᠯᠠᠩ ᠤᠨ ᠬᠢᠨ ᠢ ᠲᠠᠭᠠᠭᠤᠯᠵᠤ ᠪᠡᠭᠡᠵᠢᠩ ᠤᠨ ᠵᠢᠩ ᠤᠤ ᠰᠢᠨᠵᠢᠯᠡᠭᠡ ᠮᠡᠷᠭᠡᠵᠢᠯ ᠤᠨ ᠶᠡᠷᠦᠩᠭᠡᠢ ᠵᠠᠬᠢᠷᠤᠯ ᠶᠠᠩ ᠠᠢ ᠴᠢᠩ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠭᠡᠷᠡᠯ ᠴᠡᠨᠡᠭ ᠤᠨ ᠠᠵᠤ ᠦᠢᠯᠡᠰ ᠤᠨ ᠬᠦᠷᠢᠶᠡᠨ ᠳᠠᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠶᠢᠭᠤᠯᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠯᠬᠢᠨ ᠠᠬᠢᠭᠤᠯᠬᠤ ᠬᠦᠴᠦᠯᠡᠴᠡ ᠪᠠᠨ ᠴᠢᠩᠭᠠᠳᠬᠠᠵᠤ᠂ 2023 ᠤᠨ ᠤ ᠰᠢᠨ᠎ᠡ ᠪᠠᠷ ᠪᠠᠶᠢᠭᠤᠯᠤᠭᠰᠠᠨ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠨ᠂ ᠬᠡᠯᠬᠢᠶᠡᠵᠢᠯ ᠢ ᠨᠦᠭᠦᠪᠦᠷᠢᠯᠡᠬᠦ ᠲᠦᠷᠦᠯ ᠵᠦᠢᠯ ᠢ ᠪᠠᠶᠢᠷᠢᠯᠠᠭᠤᠯᠵᠤ᠂ ᠠᠵᠤ ᠠᠬᠤᠶᠢᠯᠠᠯ ᠭᠠᠵᠠᠷ ᠤᠷᠤᠨ ᠬᠠᠮᠳᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠲᠤᠬᠠᠢ ᠬᠦᠨᠵᠡᠭᠡᠢ ᠰᠤᠯᠢᠯᠴᠠᠪᠠ᠃ 
微信图片_20230207112324.jpg
      ᠡᠭᠦᠨ ᠤ ᠲᠠᠭᠠᠤ᠂ ᠵᠠᠰᠠᠭ ᠤᠨ ᠤᠷᠳᠤᠨ ᠤ ᠲᠡᠳ᠋ ᠲᠠᠷᠤᠭ᠎ᠠ ᠵᠢᠶᠠᠩ ᠲᠢᠶᠠᠨ ᠴᠧᠩ ᠠᠷᠠᠯᠵᠢᠶᠠᠴᠢᠨ ᠤᠷᠢᠬᠤ ᠪᠠᠰᠠ ᠨᠢᠭᠡ ᠲᠤᠭᠤᠶᠢᠯᠠᠩ ᠢ ᠲᠠᠭᠠᠭᠤᠯᠵᠤ ᠺᠦᠨᠱᠠᠨ  ᠳᠤ ᠬᠦᠷᠴᠦ ᠵᠢᠶᠠᠩᠰᠤ ᠶᠢᠨ ᠶᠦᠩ ᠨᠢᠶᠠᠨ ᠤ ᠯᠠᠶᠢᠰᠧᠷ ᠤᠨ ᠬᠡᠯᠪᠡᠷᠢᠵᠢᠬᠦᠯᠬᠦ ᠮᠡᠷᠭᠡᠵᠢᠯ ᠤᠨ ᠬᠢᠵᠠᠭᠠᠷᠳᠤ ᠺᠤᠮᠫᠠᠨᠢ ᠪᠤᠯᠤᠨ ᠵᠦᠩ ᠯᠠᠨ ᠪᠠᠢ ᠾᠦᠢ ᠪᠦᠯᠦᠭᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠲᠠᠢ ᠠᠭᠤᠯᠵᠠᠨ᠂ ᠭᠤᠷᠪᠠᠨ ᠲᠠᠯ᠎ᠠ ᠪᠠᠷ ᠢᠶᠠᠨ ᠴᠢᠩᠱᠠᠨ ᠲᠤᠭᠤᠷᠢᠭ ‍ᠤᠨ‌‍ᠬᠡᠳᠦ ᠲᠤᠮᠤ ᠬᠡᠯᠪᠡᠷᠢ ᠶᠢᠨ ᠰᠢᠳᠠᠭᠠᠨ ᠭᠡᠪᠰᠢᠭᠦᠯᠬᠦ ᠮᠠᠰᠢᠨ ᠤ ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠬᠤ ᠲᠤᠬᠠᠢ ᠬᠦᠨᠵᠡᠭᠡᠢ ᠶᠠᠷᠢᠯᠴᠠᠪᠠ᠃ 
微信图片_20230207112341.jpg
      ᠡᠨᠡ ᠵᠢᠯ᠂ ᠴᠢᠩᠱᠠᠨ ᠲᠤᠭᠤᠷᠢᠭ ᠤᠨ ᠬᠢᠨ ᠠᠮᠢᠵᠢᠷᠠᠯ ᠤᠨ ᠬᠦᠴᠦᠨ ᠲᠠᠢ᠂ ᠠᠷᠠᠯᠵᠢᠶᠠᠴᠢᠨ ᠤᠷᠢᠵᠤ ᠴᠢᠳᠠᠬᠤ᠂ ᠠᠷᠠᠯᠵᠢᠶᠠᠴᠢᠨ ᠤᠷᠢᠵᠤ ᠲᠡᠶᠢᠯᠬᠦ ᠠᠷᠠᠯᠵᠢᠶᠠᠴᠢᠨ ᠤᠷᠢᠬᠤ ᠡᠩᠨᠡᠭᠡ ᠶᠢ ᠦᠷᠭᠦᠯᠵᠢᠯᠡᠨ ᠪᠠᠶᠢᠭᠤᠯᠵᠤ᠂ ᠤᠳᠤᠷᠢᠳᠤᠯᠭ᠎ᠠ ᠺᠠᠳ᠋ᠷᠴᠤᠳ ᠤᠨ ᠵᠢᠱᠢᠶ᠎ᠡ ᠦᠵᠡᠭᠦᠯᠵᠦ ᠬᠦᠳᠦᠯᠦᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠴᠧᠩ ᠢᠦᠢ ᠠᠵᠤ ᠠᠬᠤᠢ ᠶᠢᠨ ᠲᠤᠭᠤᠷᠢᠭ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠬᠦᠭᠵᠢᠭᠰᠡᠨ ᠭᠤᠤᠯᠳᠠᠯᠭᠠᠳᠤ ᠤᠷᠤᠨ ᠳᠤ ᠠᠩᠬᠠᠷᠤᠯ ᠢᠶᠠᠨ ᠬᠠᠨᠳᠤᠭᠤᠯᠵᠤ᠂ ᠬᠤᠳᠠᠯᠳᠤᠭᠠᠴᠢᠨ ᠤᠷᠢᠬᠤ ᠵᠠᠮ ᠢᠶᠠᠨ ᠦᠷᠭᠡᠳᠬᠡᠵᠤ᠂ ᠬᠤᠳᠠᠯᠳᠤᠭᠠᠴᠢᠨ ᠤᠷᠢᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠪᠦᠬᠦ ᠵᠢᠯ ᠳᠤ 172 ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ ᠢ ᠪᠡᠶᠡᠯᠡᠭᠦᠯᠵᠦ᠂ ᠵᠦᠪᠯᠡᠭᠰᠡᠨ ᠵᠤᠭᠤᠰ ᠤᠨ ᠲᠤᠭ᠎ᠠ 1050 ᠳ᠋ᠦ᠋ᠩᠰᠢᠭᠤᠷ ᠲᠦᠭᠦᠷᠢᠭ ᠠᠴᠠ ᠲᠡᠭᠡᠭᠰᠢ᠂ ᠳ᠋ᠦ᠋ᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠦᠢᠯ ᠤᠨ ᠲᠤᠭ᠎ᠠ ᠶᠢ 50 ᠠᠴᠠ ᠲᠡᠭᠡᠭᠰᠢ ᠬᠦᠷᠭᠡᠬᠦ ᠪᠠᠷ ᠲᠦᠯᠦᠪᠯᠡᠵᠦ᠂ ᠴᠢᠩᠱᠠᠨ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠰᠢᠨ᠎ᠡ ᠨᠡᠮᠡᠭᠳᠡᠯ ᠤᠨ ᠬᠡᠮᠵᠢᠶ᠎ᠡ᠂ ᠰᠢᠨ᠎ᠡ ᠬᠦᠳᠡᠯᠭᠡᠬᠦ ᠬᠦᠴᠦᠨ ᠢ ᠪᠤᠢ ᠪᠤᠯᠭᠠᠬᠤ ᠪᠠᠷ ᠬᠦᠴᠦᠯᠡᠨ᠎ᠡ᠃ 
微信图片_20230207112351.jpg
                                                  ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号