ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠴᠢᠩ ᠶᠤᠸᠠᠨ ᠨᠡᠶᠢᠭᠡᠮ ᠲᠤᠭᠤᠷᠢᠭ ᠭᠠᠵᠢᠭᠤ ᠨᠤᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/2/8
      ᠤᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠴᠢᠩ ᠶᠤᠸᠠᠨ ᠨᠡᠶᠢᠭᠡᠮ ᠲᠤᠭᠤᠷᠢᠭ《ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠢ ᠰᠤᠷᠳᠠᠯᠴᠢᠯᠠᠵᠤ᠂ ᠠᠯᠢᠪᠠ ᠭᠠᠵᠢᠭᠤ ᠨᠤᠮᠯᠠᠯ ᠢ ᠡᠰᠡᠷᠭᠦᠴᠡᠬᠦ》ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ᠃ ᠲᠤᠰ ᠤᠳᠠᠭᠠᠨ ᠤ ᠬᠦᠳᠡᠯᠭᠡᠭᠡᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠬᠦᠨᠳᠡᠯᠡᠨ ᠪᠢᠴᠢᠭᠡᠰᠦ ᠡᠯᠭᠦᠬᠦ ᠭᠡᠯᠪᠡᠷᠢ ᠪᠠᠷ ᠰᠠᠭᠤᠭᠠᠯᠢ ᠠᠷᠠᠳ ᠲᠤ ᠰᠡᠷᠡᠮᠵᠢᠯᠡᠭᠦᠯᠬᠦ ᠤᠬᠠᠭᠤᠯᠭ᠎ᠠ ᠬᠢᠵᠤ᠂ ᠰᠠᠭᠤᠭᠠᠯᠢ ᠠᠷᠠᠳ ᠢ ᠭᠠᠵᠢᠭᠤ ᠨᠤᠮᠯᠠᠯ ᠢ ᠡᠰᠡᠷᠭᠦᠴᠡᠵᠦ᠂ ᠰᠢᠨᠵᠢᠯᠡᠬᠦ ᠤᠬᠠᠭᠠᠨ ᠢ ᠡᠷᠬᠢᠮᠯᠡᠵᠦ᠂ ᠪᠤᠯᠪᠠᠰᠤᠨ ᠢ ᠤᠯᠠᠮᠵᠢᠯᠠᠬᠤ ᠶᠢ ᠰᠠᠨᠠᠭᠠᠴᠢᠯᠠᠪᠠ᠃ ᠲᠤᠰ ᠤᠳᠠᠭᠠᠨ ᠤ ᠬᠦᠳᠡᠯᠭᠡᠭᠡᠨ ᠨᠢ ᠰᠠᠭᠤᠭᠠᠯᠢ ᠠᠷᠠᠳ ᠲᠠᠢ ᠤᠶᠢᠷᠠᠳᠴᠤ᠂ ᠰᠠᠭᠤᠭᠠᠯᠢ ᠠᠷᠠᠳ ᠤᠨ ᠠᠮᠢᠳᠤᠷᠠᠯ ᠲᠠᠢ ᠤᠶᠢᠷᠠᠳᠴᠤ᠂ ᠭᠠᠵᠢᠭᠤ ᠨᠤᠮᠯᠠᠯ ᠢ ᠡᠰᠡᠷᠭᠦᠴᠡᠬᠦ ᠤᠬᠠᠭᠤᠯᠭ᠎ᠠ ᠶᠢᠨ ᠨᠤᠭᠤᠯᠤᠭ᠎ᠠ ᠬᠠᠭᠤᠳᠠᠰᠤ 200 ᠭᠠᠷᠤᠢ ᠬᠤᠪᠢ᠂ ᠤᠬᠠᠭᠤᠯᠭ᠎ᠠ ᠶᠢᠨ ᠪᠤᠳᠠᠰ 100 ᠭᠠᠷᠤᠢ ᠬᠤᠪᠢ ᠲᠠᠷᠬᠠᠭᠠᠵᠤ᠂ ᠰᠠᠭᠤᠭᠠᠯᠢ ᠠᠷᠠᠳ ᠤᠨ ᠤᠬᠠᠮᠰᠠᠷ ᠠᠴᠠ ᠪᠠᠨ ᠭᠠᠵᠢᠭᠤ ᠨᠤᠮᠯᠠᠯ ᠢ ᠰᠡᠷᠭᠡᠶᠢᠯᠡᠨ ᠬᠤᠷᠢᠭᠯᠠᠬᠤ ᠤᠬᠠᠮᠰᠠᠷ ᠢ ᠴᠢᠩᠭᠠᠳᠬᠠᠵᠤ᠂ ᠨᠡᠶᠢᠭᠡᠮ ᠲᠤᠭᠤᠷᠢᠭ ᠲᠤ《ᠰᠢᠨᠵᠢᠯᠡᠬᠦ ᠤᠬᠠᠭᠠᠨ ᠢ ᠡᠷᠬᠢᠮᠯᠡᠬᠦ᠂ ᠭᠠᠵᠢᠭᠤ ᠨᠤᠮᠯᠠᠯ ᠢ ᠡᠰᠡᠷᠭᠦᠴᠡᠬᠦ》ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃
微信图片_20230208094120_副本.jpg
                                        ᠤᠷᠴᠢᠭᠤᠯᠤᠭᠴᠢ᠄ ᠠᠯᠢᠮ᠎ᠠ                                        ᠬᠢᠨᠠᠭᠴᠢ᠄ ᠪᠠᠢ ᠢᠦᠢ ᠰᠢᠶᠠ              
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号