ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶ᠎ᠠ ᠠᠮᠤᠷ ᠲᠦᠪᠰᠢᠨ ᠤ ᠪᠠᠳᠤᠯᠠᠭ᠎ᠠ ᠶᠢ ᠰᠤᠯᠠᠷᠠᠭᠤᠯᠬᠤ ᠦᠭᠡᠢ
ᠨᠡᠶᠢᠲᠡᠯᠡᠭᠰᠡᠨ ᠴᠠᠭ᠄
2023/2/8
      ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶ᠎ᠠ ᠴᠢᠩᠱᠠᠨ ᠤ ᠭᠠᠯ ᠤᠨᠳᠠᠷᠠᠭᠠᠬᠤ ᠶᠡᠭᠡ ᠠᠩᠭᠢ ᠲᠠᠢ ᠬᠠᠮᠳᠤᠷᠠᠯᠴᠠᠨ ᠰᠦᠨᠢ ᠲᠤᠮᠳᠠ ᠶᠢᠨ ᠠᠮᠤᠷ ᠲᠦᠪᠰᠢᠨ᠂ ᠭᠠᠯ ᠤᠨ ᠠᠶᠤᠯ ᠤᠨ ᠲᠠᠯᠳᠠ ᠬᠡᠮ ᠢ ᠪᠠᠶᠢᠴᠠᠭᠠᠬᠤ ᠠᠵᠢᠯᠯᠠᠭ᠎ᠠ ᠦᠷᠨᠢᠭᠦᠯᠪᠡ᠃ ᠲᠤᠰ ᠤᠳᠠᠭ᠎ᠠ ᠶᠢᠨ ᠰᠦᠨᠢ ᠲᠤᠮᠳᠠ ᠶᠢᠨ ᠠᠮᠤᠷ ᠲᠦᠪᠰᠢᠨ᠂ ᠭᠠᠯ ᠤᠨ ᠠᠶᠤᠯ ᠤᠨ ᠲᠠᠯᠳᠠ ᠬᠡᠮ ᠢ ᠪᠠᠶᠢᠴᠠᠭᠠᠬᠤ ᠠᠵᠢᠯᠯᠠᠭ᠎ᠠ ᠶᠢᠨ ᠭᠤᠤᠯᠳᠠᠯᠭ᠎ᠠ ᠨᠢ ᠰᠦᠨᠢ ᠲᠤᠮᠳᠠ ᠡᠵᠡᠩᠨᠡᠵᠦ ᠪᠠᠶᠢᠭ᠎ᠠ ᠶᠡᠭᠡ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠢ ᠴᠤᠭᠴᠨ ᠪᠠ ᠪᠠᠭ᠎ᠠ ᠬᠡᠯᠪᠡᠷᠢ ᠶᠢᠨ ᠵᠤᠭ᠎ᠠ ᠴᠡᠩᠭᠡᠯ ᠤᠨ ᠲᠠᠯᠠᠪᠠᠢ ᠪᠤᠯᠤᠨ᠎ᠠ᠃ ᠬᠠᠤᠯᠢ ᠬᠡᠷᠡᠭᠵᠢᠭᠦᠯᠦᠭᠴᠢ ᠭᠠᠯ ᠤᠨᠳᠠᠷᠠᠭᠠᠭᠤᠷ ᠤᠨ ᠬᠤᠭᠤᠴᠠᠭ᠎ᠠ ᠦᠩᠭᠡᠷᠡᠭᠡᠳ ᠲᠠᠷᠤᠯᠳᠠ ᠠᠯᠳᠠᠬᠤ ᠦᠵᠡᠭᠳᠡᠯ ᠪᠠ᠂ ᠪᠠᠴᠢᠮ ᠪᠠᠶᠢᠳᠠᠯ ᠢ ᠠᠷᠭᠠᠴᠠᠬᠤ ᠬᠡᠷᠡᠯᠳᠦᠭᠦᠯᠭᠡ ᠶᠢᠨ ᠲᠦᠭᠦᠭᠡᠷᠦᠮᠵᠢ ᠶᠢᠨ ᠳ᠋ᠢᠶᠠᠨ ᡂᠢ ᠬᠠᠭᠤᠴᠢᠷᠠᠵᠤ ᠪᠠᠴᠢᠮ ᠪᠠᠶᠢᠳᠠᠯ ᠳᠤ ᠠᠮᠢ ᠵᠢᠭᠤᠳᠠᠬᠤ ᠬᠡᠷᠡᠯᠳᠦᠭᠦᠯᠭᠡ ᠶᠢᠨ ᠴᠠᠭ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠳᠤ ᠪᠠᠶᠢᠴᠠᠭᠠᠯᠳᠠ ᠬᠢᠪᠡ᠃ ᠲᠠᠷᠠᠭᠠᠴᠢ ᠶᠢᠨ ᠠᠯᠬᠤᠮ᠂ ᠡᠳᠦᠷ ᠲᠤᠳᠤᠮ ᠤᠨ ᠪᠠᠶᠢᠴᠠᠭᠠᠯᠳᠠ ᠪᠠ ᠪᠠᠶᠠᠷ ᠤᠨ ᠡᠳᠦᠷ ᠠᠴᠠ ᠡᠮᠦᠨᠡᠭᠢ ᠪᠠᠶᠢᠴᠠᠭᠠᠯᠳᠠ ᠶᠢ ᠪᠠᠶᠢᠩᠭᠤ ᠬᠢᠵᠤ᠂ ᠠᠶᠤᠯᠬᠦᠢ ᠦᠢᠯᠡᠳᠪᠦᠷᠢᠯᠡᠯ ᠤᠨ ᠶᠡᠷᠦᠩᠭᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠴᠢᠳᠠᠪᠬᠢ ᠶᠢ ᠴᠢᠷᠮᠠᠶᠢᠨ ᠨᠠᠶᠢᠳᠠᠪᠤᠷᠢᠵᠢᠭᠤᠯᠤᠨ᠎ᠠ᠃         

微信图片_20230208145510.png

                                                 ᠤᠷᠴᠢᠭᠤᠯᠤᠭᠴᠢ᠄ ᠠᠯᠢᠮ᠎ᠠ

                                  ᠬᠢᠨᠠᠭᠴᠢ᠄ ᠪᠠᠢ ᠢᠦᠢ ᠰᠢᠶᠠ

 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号