ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ《ᠰᠢᠨ᠎ᠡ ᠵᠢᠯ ᠤᠨ ᠠᠩᠬᠠᠨ ᠤ ᠤᠬᠠᠭᠤᠯᠭ᠎ᠠ》ᠬᠡᠭᠦ ᠬᠠᠤᠯᠢ ᠲᠦᠬᠡᠮᠡᠯᠵᠢᠭᠦᠯᠦᠯᠳᠡ ᠶᠢᠨ ᠤᠬᠠᠭᠤᠯᠭ᠎ᠠ ᠶᠢᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2023/2/8
      ᠬᠠᠤᠯᠢ ᠴᠠᠭᠠᠵᠠ ᠶᠢᠨ ᠮᠡᠳᠡᠯᠭᠡ ᠶᠢ ᠤᠯᠠᠮ ᠨᠢᠭᠡ ᠠᠯᠬᠤᠮ ᠤᠬᠠᠭᠤᠯᠵᠤ᠂ ᠬᠦᠳᠡᠯᠮᠦᠷᠢᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠭᠦᠯᠵᠦ᠂ ᠪᠡᠶᠠᠷ ᠤᠨ ᠡᠳᠦᠷ ᠤᠨ ᠲᠠᠷᠠᠭᠠᠬᠢ ᠬᠦᠳᠡᠯᠮᠦᠷᠢᠴᠢᠨ ᠬᠡᠷᠡᠭᠯᠡᠬᠦ ᠤᠷᠴᠢᠨ ᠲᠤᠭᠤᠷᠢᠨ ᠤ ᠡᠶ᠎ᠡ ᠵᠤᠬᠢᠴᠠᠯ ᠲᠠᠢ᠂ ᠠᠮᠤᠷ ᠲᠤᠭᠳᠠᠭᠤᠨ ᠪᠠᠶᠢᠬᠤ ᠶᠢ ᠪᠠᠳᠤᠯᠠᠬᠤ ᠶᠢᠨ ᠲᠦᠯᠦᠭᠡ᠂ 2 ᠰᠠᠷ᠎ᠠ ᠶᠢᠨ 1 ᠤ ᠡᠳᠦᠷ᠂ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠷᠦᠩᠬᠡᠶᠢᠯᠡᠨ ᠬᠠᠤᠯᠢ ᠬᠡᠷᠡᠭᠵᠢᠭᠦᠯᠬᠦ ᠶᠡᠭᠡ ᠠᠩᠭᠢ ᠴᠢᠩᠱᠠᠨ ᠲᠤᠭᠤᠷᠢᠭ ᠤᠨ ᠸᠠᠨ ᠳ᠋ᠠ ᠠᠭᠤᠳᠠᠮ ᠲᠠᠯᠠᠪᠠᠢ  ᠳᠤ《ᠰᠢᠨ᠎ᠡ ᠵᠢᠯ ᠤᠨ ᠠᠩᠬᠠᠨ ᠤ ᠤᠬᠠᠭᠤᠯᠭ᠎ᠠ》ᠬᠡᠭᠦ ᠬᠠᠤᠯᠢ ᠲᠦᠬᠡᠮᠡᠯᠵᠢᠭᠦᠯᠦᠯᠳᠡ ᠶᠢᠨ ᠤᠬᠠᠭᠤᠯᠭ᠎ᠠ ᠶᠢᠨ ᠬᠦᠳᠡᠯᠭᠡᠭᠡᠨ ᠦᠷᠨᠢᠭᠦᠯᠪᠡ᠃ ᠬᠦᠳᠡᠯᠭᠡᠭᠡᠨ ᠤ ᠲᠠᠯᠠᠪᠤᠷ ᠲᠤ᠂ ᠬᠠᠤᠯᠢ ᠬᠡᠷᠡᠭᠵᠢᠭᠦᠯᠬᠦ ᠠᠵᠢᠯᠳᠠᠳ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠤᠷᠤᠨ ᠪᠠᠶᠢᠷᠢ ᠭᠠᠷᠭᠠᠬᠤ ᠪᠠᠷ ᠲᠠᠮᠵᠢᠭᠤᠯᠤᠨ᠂ ᠯᠠᠪᠯᠠᠭ᠎ᠠ ᠶᠢᠨ ᠦᠢᠯᠡᠴᠢᠯᠡᠭᠡ ᠬᠠᠩᠭᠠᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠲᠤᠬᠠᠢ ᠶᠢᠨ ᠲᠠᠯᠠᠪᠤᠷ ᠤᠨ ᠤᠯᠠᠨ ᠲᠦᠮᠡᠨ ᠳᠤ ᠬᠠᠤᠯᠢ ᠴᠠᠭᠠᠵᠠ ᠲᠦᠭᠡᠮᠡᠯᠵᠢᠭᠦᠯᠬᠦ ᠤᠬᠠᠭᠤᠯᠭ᠎ᠠ ᠬᠢᠪᠡ᠃ ᠲᠤᠰ ᠤᠳᠠᠭᠠᠨ ᠤ ᠬᠦᠳᠡᠯᠭᠡᠭᠡᠨ ᠨᠢᠭᠤᠷᠳᠠᠨ ᠤᠬᠠᠭᠤᠯᠬᠤ ᠬᠡᠯᠪᠡᠷᠢ ᠪᠠᠷ ᠬᠦᠳᠡᠯᠮᠦᠷᠢᠴᠢᠳ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠ ᠲᠤᠰ ᠪᠡᠶ᠎ᠡ ᠶᠢᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ  ᠢ ᠲᠡᠭᠡᠭᠰᠢᠯᠡᠭᠦᠯᠵᠦ᠂ ᠬᠤᠶᠢᠰᠢᠳᠠ ᠶᠢᠨ ᠴᠢᠩᠱᠠᠨ ᠲᠤᠭᠤᠷᠢᠭ ᠤᠨ ᠡᠶ᠎ᠡ ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠰᠠᠶᠢᠨ ᠰᠠᠶᠢᠬᠠᠨ ᠬᠠᠤᠯᠢᠵᠢᠯ ᠤᠨ ᠤᠷᠴᠢᠨ ᠲᠤᠭᠤᠷᠢᠨ ᠢ ᠪᠤᠢ ᠪᠤᠯᠭᠠᠬᠤ ᠶᠢ ᠲᠦᠯᠬᠢᠨ ᠠᠬᠢᠭᠤᠯᠵᠠᠢ᠃                                                  ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号