ᠴᠢᠩᠱᠠᠨ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠳᠤ ᠰᠠᠶᠢᠰᠢᠶᠠᠭᠳᠠᠪᠠ
ᠨᠡᠶᠢᠲᠡᠯᠡᠭᠰᠡᠨ ᠴᠠᠭ᠄
2023/2/8
      ᠤᠶᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠦᠬᠦ ᠤᠷᠤᠨ ᠤ ᠦᠨᠳᠦᠰᠦᠨ ᠱᠠᠳᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠨ ᠤ ᠬᠠᠮᠳᠤ ᠨᠢᠭᠡᠴᠢ᠂ ᠤᠳᠬ᠎ᠠ ᠤᠷᠠᠯᠢᠭ ᠤᠨ ᠰᠠᠶᠢᠨ ᠲᠤᠷ᠎ᠠ ᠶᠢᠨ ᠦᠢᠯᠡᠴᠢᠯᠡᠭᠡᠨ ᠤ ᠲᠡᠷᠢᠬᠦᠨ ᠤ ᠬᠠᠮᠳᠤ ᠨᠢᠭᠡᠴᠢ᠂ ᠤᠳᠬ᠎ᠠ ᠤᠷᠠᠯᠢᠭ ᠤᠨ ᠤᠬᠠᠭᠤᠯᠭ᠎ᠠ ᠶᠢᠨ ᠠᠵᠢᠯ ᠤᠨ ᠲᠡᠷᠢᠭᠦᠨ ᠤ ᠬᠠᠮᠳᠤ  ᠨᠢᠭᠡᠴᠢ ᠶᠢ ᠬᠦᠬᠢᠬᠦᠯᠦᠨ ᠰᠠᠶᠢᠰᠢᠶᠠᠵᠤ᠂ ᠴᠢᠩᠱᠠᠨ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ《ᠪᠦᠬᠦ ᠤᠷᠤᠨ ᠤ ᠦᠨᠳᠦᠰᠦᠨ ᠱᠠᠳᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠨ ᠤ ᠬᠠᠮᠳᠤ 》ᠢᠷᠠᠭᠤ ᠠᠯᠳᠠᠷ ᠤᠨ ᠴᠤᠯᠠ ᠬᠦᠷᠲᠡᠪᠡ᠃ ᠪᠦᠬᠦ ᠤᠷᠤᠨ ᠤ ᠡᠯ᠎ᠡ ᠠᠶᠢᠮᠠᠭ ᠬᠤᠳᠠ ᠪᠠ ᠬᠤᠰᠢᠭᠤ ᠰᠢᠶᠠᠨ ᠲᠤᠭᠤᠷᠢᠭ ᠠᠴᠠ ᠨᠡᠶᠢᠲᠡ 27 ᠤᠳᠬ᠎ᠠ ᠤᠷᠠᠯᠢᠭ ᠤᠨ  ᠬᠢᠨ ᠤ ᠬᠤᠯᠪᠤᠭ᠎ᠠ ᠬᠦᠬᠢᠬᠦᠯᠦᠨ ᠰᠠᠶᠢᠰᠢᠶᠠᠭᠳᠠᠵᠠᠢ᠃ ᠴᠢᠩᠱᠠᠨ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠤᠭᠤᠳᠤ ᠬᠤᠳᠠ ᠶᠢᠨ ᠦᠨᠳᠦᠰᠦᠨ ᠱᠠᠳᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠦᠯᠦᠭᠡᠯᠡᠭᠴᠢ ᠶᠢᠨ ᠬᠤᠪᠢ ᠪᠠᠷ ᠰᠠᠶᠢᠰᠢᠶᠠᠯ ᠤᠨ ᠨᠡᠷᠡᠰ ᠲᠤ ᠤᠷᠤᠪᠠ᠃ ᠡᠨᠡ ᠨᠢ ᠴᠢᠩᠱᠠᠨ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠠᠶᠢᠭᠤᠯᠤᠭᠳᠠᠭᠰᠠᠨ ᠠᠴᠠ ᠨᠠᠰᠢ ᠠᠩᠬ᠎ᠠ ᠤᠳᠠᠭ᠎ᠠ ᠲᠤᠰ ᠢᠷᠠᠭᠤ ᠠᠯᠳᠠᠷ ᠢ ᠬᠦᠷᠳᠡᠵᠤ ᠪᠠᠶᠢᠭ᠎ᠠ ᠶᠤᠮ᠃
微信图片_20230208155358.jpg
微信图片_20230208155403.jpg
                                                  ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号