ᠪᠸᠢ ᠪᠧᠨ ᠤ ᠬᠦᠨᠳᠦ ᠮᠠᠰᠢᠨ( ᠪᠡᠭᠡᠵᠢᠩ)ᠮᠠᠰᠢᠨ ᠲᠡᠷᠭᠡ ᠰᠤᠳᠤᠯᠤᠨ ᠨᠡᠭᠡᠭᠡᠭᠦ ᠬᠢᠵᠠᠭᠠᠷᠳᠤ ᠺᠤᠮᠫᠠᠨᠢ《 ᠤᠯᠤᠰ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ》 ᠤᠨ ᠴᠤᠯᠠ ᠬᠦᠷᠲᠡᠪᠡ
ᠨᠡᠶᠢᠲᠡᠯᠡᠭᠰᠡᠨ ᠴᠠᠭ᠄
2023/2/8
      ᠤᠶᠢᠷ᠎ᠠ ᠳᠤ᠂ ᠪᠸᠢ ᠪᠧᠨ ᠤ ᠬᠦᠨᠳᠦ ᠮᠠᠰᠢᠨ( ᠪᠡᠭᠡᠵᠢᠩ)ᠮᠠᠰᠢᠨ ᠲᠡᠷᠭᠡ ᠰᠤᠳᠤᠯᠤᠨ ᠨᠡᠭᠡᠭᠡᠭᠦ ᠬᠢᠵᠠᠭᠠᠷᠳᠤ ᠺᠤᠮᠫᠠᠨᠢ《ᠤᠯᠤᠰ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ》 ᠤᠨ ᠴᠤᠯᠠ ᠬᠦᠷᠳᠡᠵᠦ᠂ GB/T19001/IS09001 ᠶᠠᠰᠤ ᠴᠢᠨᠠᠷ ᠤᠨ ᠬᠠᠮᠢᠶᠠᠷᠤᠯᠳᠠ ᠶᠢᠨ ᠰᠢᠰᠲ᠋ᠧᠮ ᠤᠨ ᠬᠡᠷᠡᠴᠢᠯᠡᠯ ᠢ ᠤᠯᠵᠠᠢ᠃ ᠡᠨᠡ ᠨᠢ ᠪᠸᠢ ᠪᠧᠨ ᠤ ᠬᠦᠨᠳᠦ ᠮᠠᠰᠢᠨ( ᠪᠡᠭᠡᠵᠢᠩ)ᠮᠠᠰᠢᠨ ᠲᠡᠷᠭᠡ ᠰᠤᠳᠤᠯᠤᠨ ᠨᠡᠭᠡᠭᠡᠭᠦ ᠬᠢᠵᠠᠭᠠᠷᠳᠤ ᠺᠤᠮᠫᠠᠨᠢ ᠮᠠᠰᠢᠨ ᠲᠡᠷᠭᠡᠨ ᠤ《ᠤᠶᠤᠨᠴᠢᠯᠠᠭᠰᠠᠨ᠂ ᠴᠠᠬᠢᠯᠭᠠᠨ  ᠢᠶᠠᠷ ᠡᠵᠡᠮᠳᠡᠬᠦ᠂ ᠵᠢᠯᠣᠭᠤᠴᠢ ᠦᠭᠡᠢ ᠪᠤᠯᠭᠠᠬᠤ》ᠵᠠᠩᠭᠢᠯᠠᠭ᠎ᠠ ᠶᠢᠨ ᠮᠡᠷᠭᠡᠵᠢᠯ ᠤᠨ ᠬᠦᠭᠵᠢᠯᠳᠡ ᠶᠢᠨ ᠴᠢᠭᠯᠡᠯ ᠵᠢᠴᠢ ᠰᠤᠳᠤᠯᠭᠠᠨ᠂ ᠵᠠᠩᠬᠢᠯᠠᠭ᠎ᠠ ᠶᠢᠨ ᠭᠤᠤᠯᠯᠠᠭᠴᠢ ᠡᠵᠡᠮᠰᠢᠯ ᠤᠨ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠲᠠᠭᠠᠭᠠᠵᠤ ᠨᠠᠭᠡᠭᠡᠨ ᠠᠰᠢᠭᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠪᠤᠳᠠᠳᠠᠢ ᠬᠡᠷᠡᠭᠯᠡᠭᠡᠨ ᠳᠤ ᠤᠷᠤᠭᠤᠯᠬᠤ ᠴᠢᠳᠠᠪᠤᠷᠢ᠂ ᠰᠢᠨᠵᠢᠯᠡᠨ ᠰᠤᠳᠤᠯᠵᠤ ᠨᠡᠭᠡᠭᠡᠨ ᠠᠰᠢᠭᠯᠠᠨ ᠵᠤᠬᠢᠶᠠᠨ ᠪᠠᠶᠢᠭᠤᠯᠵᠤ ᠬᠠᠮᠢᠶᠠᠷᠬᠤ ᠬᠢᠷᠢ ᠲᠦᠪᠰᠢᠨ᠂ ᠠᠵᠤ ᠠᠬᠤᠶᠢᠯᠠᠯ ᠤᠨ ᠦᠰᠦᠨ ᠪᠤᠶᠢᠵᠢᠯᠳᠠ ᠵᠡᠷᠭᠡ ᠲᠠᠯ᠎ᠠ ᠨᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠦᠢᠴᠡᠳ ᠨᠤᠳᠠᠯᠠᠯᠳᠠ ᠶᠢ ᠤᠯᠤᠭᠰᠠᠨ ᠢ ᠬᠠᠷᠠᠭᠤᠯᠵᠤ ᠪᠤᠢ᠃ ᠬᠤᠶᠢᠰᠢᠳᠠ᠂ ᠪᠸᠢ ᠪᠧᠨ ᠤ ᠬᠦᠨᠳᠦ ᠮᠠᠰᠢᠨ ᠪᠡᠭᠡᠵᠢᠩ)ᠮᠠᠰᠢᠨ ᠲᠡᠷᠭᠡ ᠰᠤᠳᠤᠯᠤᠨ ᠨᠡᠭᠡᠭᠡᠭᠦ ᠬᠢᠵᠠᠭᠠᠷᠳᠤ ᠺᠤᠮᠫᠠᠨᠢ ᠪᠦᠯᠦᠭᠯᠡᠯᠳᠦ ᠺᠤᠮᠫᠠᠨᠢ ᠶᠢᠨ《1 +5》ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠺᠤᠮᠫᠠᠨᠢ ᠶᠢᠨ《113》ᠬᠦᠭᠵᠢᠯᠳᠡ ᠶᠢᠨ ᠴᠢᠭᠯᠡᠯᠳᠡ ᠶᠢ ᠭᠤᠶᠢᠪᠢᠰᠢ ᠦᠭᠡᠢ ᠬᠡᠷᠡᠭᠵᠢᠭᠦᠯᠵᠦ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠴᠠᠬᠢᠯᠭᠠᠨ ᠡᠵᠡᠮᠰᠢᠯ ᠤᠨ ᠮᠡᠷᠭᠡᠵᠢᠯ ᠳᠤ ᠶᠡᠭᠡᠭᠡᠨ ᠬᠦᠴᠦ ᠲᠠᠯᠪᠢᠨ᠂ ᠺᠤᠮᠫᠠᠨᠢ ᠶᠢᠨ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃                    
微信图片_20230208091922_副本.jpg
                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号