ᠡᠷᠡᠭᠦᠯ ᠡᠩᠬᠡ ᠴᠢᠩᠱᠠᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ    ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/3/1
qsq_202322317138.jpg
      ᠰᠤᠷᠪᠤᠯᠵᠢᠯᠠᠭᠰᠠᠨ ᠭᠤᠣᠯ ᠰᠡᠳᠦᠪ᠄ ᠡᠷᠡᠭᠦᠯ ᠡᠩᠬᠡ ᠴᠢᠩᠱᠠᠨ ᠤ ᠪᠦᠲᠦᠭᠡᠨ ᠪᠠᠶᠢᠭᠤᠯᠤᠯᠲᠠ  ᠶᠢ ᠪᠦᠬᠦ ᠲᠠᠯ᠎ᠠ ᠪᠠᠷ ᠠᠬᠢᠭᠤᠯᠵᠤ    ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠨ᠎ᠠ     ᠰᠤᠷᠪᠤᠯᠵᠢᠯᠠᠭᠰᠠᠨ ᠴᠠᠭ᠄ 2023 ᠣᠨ ᠤ 2 ᠰᠠᠷ᠎ᠠ ᠶᠢᠨ 20 ᠤ ᠡᠳᠦᠷ     ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠧᠩ ᠾᠧ ᠫᠢᠩ     ᠰᠤᠷᠪᠤᠯᠵᠢᠯᠠᠭᠰᠠᠨ ᠠᠬᠤᠢ ᠪᠠᠶᠢᠳᠠᠯ᠄ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠲᠣᠭᠲᠠᠭᠠᠯ ᠢ ᠨᠠᠶᠢᠳᠠᠪᠤᠷᠢᠵᠢᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃     【ᠬᠥᠲᠥᠯᠥᠭᠴᠢ】     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ  ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ ᠶᠠᠮᠠᠷ ᠶᠠᠮᠠᠷ ᠰᠡᠷᠭᠡᠶᠢᠯᠡᠨ ᠡᠵᠡᠮᠳᠡᠬᠦ ᠰᠢᠨ᠎ᠡ ᠱᠠᠭᠠᠷᠳᠠᠯᠭ᠎ᠠ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠧᠩ ᠾᠧ ᠫᠢᠩ】     ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ 2023 ᠣᠨ ᠤ 1 ᠰᠠᠷ᠎ᠠ ᠶᠢᠨ 8 ᠤ ᠡᠳᠦᠷ ᠠᠴᠠ ᠡᠬᠢᠯᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠳᠤ ᠠᠪᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠲᠣᠭᠲᠠᠭᠠᠭᠰᠠᠨ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠨ᠎ᠠ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠬᠠᠤᠯᠢ︾ ᠳᠤ ᠲᠣᠭᠲᠠᠭᠠᠭᠰᠠᠨ ᠬᠢᠵᠢᠭ ᠪᠠᠶᠢᠴᠠᠭᠠᠬᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠳᠤ ᠣᠷᠣᠭᠤᠯᠬᠤ ᠦᠭᠡᠢ ᠪᠣᠯᠵᠠᠢ᠂ ᠡᠨᠡ ᠨᠢ ᠮᠥᠨ ᠴᠦ ᠮᠠᠨ ᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠢ ︽ᠬᠥᠬᠡᠭᠴᠢᠨ ᠲᠥᠷᠥᠯ ᠤᠨ ᠬᠥᠬᠡ ᠬᠠᠮᠢᠶᠠᠷᠤᠯᠲᠠ︾ ᠪᠠᠶᠢᠭᠰᠠᠨ ᠠᠴᠠ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠪᠣᠯᠭᠠᠨ ᠵᠢᠩᠬᠢᠨᠢ ᠪᠠᠷ ᠲᠣᠬᠢᠷᠠᠭᠤᠯᠤᠭᠰᠠᠨ ᠢ ᠬᠠᠷᠠᠭᠤᠯᠵᠤ ᠪᠠᠶᠢᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠮᠠᠨ ᠤ ᠲᠤᠭᠤᠷᠢᠭ ᠴᠦ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠᠨ ᠳᠠᠷᠤᠶᠢᠬᠠᠨ ᠬᠤᠪᠢᠷᠠᠭᠤᠯᠵᠤ᠂ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠄ ᠨᠢᠭᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ  ᠴᠢᠩᠭᠠᠳᠬᠠᠵᠦ᠂ ᠢᠯᠠᠩᠭᠤᠶ᠎ᠠ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠭᠤᠣᠯᠳᠠᠯᠭ᠎ᠠ ᠲᠠᠢ ᠬᠥᠮᠥᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠨᠢ ᠬᠦᠨᠳᠦ ᠡᠪᠡᠳᠴᠢᠨ ᠵᠢᠴᠢ ᠦᠬᠦᠭᠰᠡᠨ ᠡᠪᠡᠳᠴᠢᠨ ᠤ ᠵᠢᠱᠢᠶ᠎ᠡ ᠶᠢᠨ ᠡᠭᠦᠰᠬᠦ ᠶᠢ ᠪᠦᠲᠦᠮᠵᠢᠲᠡᠶ ᠪᠠᠭᠠᠰᠬᠠᠵᠤ᠂ ᠰᠠᠭᠤᠭᠠᠯᠢ ᠠᠷᠠᠳ ᠤᠨ ᠠᠷᠭ᠎ᠠ ᠴᠢᠨᠠᠷᠲᠠᠢ ᠬᠠᠯᠳᠠᠪᠤᠷᠢᠯᠠᠯ ᠢ ᠡᠷᠡᠭᠦᠯᠵᠢᠭᠦᠯᠦᠭᠡᠳ 6 ᠰᠠᠷ᠎ᠠ ᠪᠣᠯᠤᠭᠰᠠᠨ ᠤ ᠳᠠᠷᠠᠭ᠎ᠠ ᠨᠢᠭᠡᠳᠦᠭᠡᠷ ᠪᠤᠶᠤ ᠬᠤᠶᠠᠳᠤᠭᠠᠷ ᠲᠠᠷᠢᠯᠭ᠎ᠠ ᠶᠢ ᠴᠢᠩᠭᠠᠳᠬᠠᠬᠤ ᠲᠠᠷᠢᠯᠭ᠎ᠠ ᠶᠢ ᠦᠷᠭᠦᠯᠵᠢᠯᠡᠨ ᠬᠢᠵᠦ ᠳᠠᠭᠤᠰᠬᠠᠬᠤ ᠶᠢ ᠰᠠᠨᠠᠭᠤᠯᠵᠤ ᠪᠠᠶᠢᠨ᠎ᠠ︔ ᠬᠤᠶᠠᠷ ᠲᠤ᠂ ᠡᠮᠴᠢᠯᠡᠭᠡᠨ ᠤ ᠪᠠᠶᠢᠭᠤᠯᠤᠮᠵᠢ ᠶᠢᠨ ᠳᠡᠰ ᠬᠤᠪᠢᠶᠠᠨ ᠣᠨᠣᠰᠢᠯᠠᠨ ᠡᠮᠨᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠦᠨᠳᠦᠰᠦᠨ ᠱᠠᠲᠤᠨ ᠤ ᠣᠨᠣᠰᠢᠯᠠᠨ ᠡᠮᠨᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠭᠳᠠᠭᠰᠠᠳ ᠢ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ᠂ ᠪᠥᠬᠦ ᠲᠤᠭᠤᠷᠢᠭ ᠤᠨ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠤᠶᠠᠳᠤᠭᠠᠷ ᠳᠡᠰ  ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠳᠤ ᠴᠥᠮ ᠬᠠᠯᠠᠭᠤᠷᠠᠯ ᠤᠨ ᠡᠭᠦᠳᠡᠨ ᠡᠮᠨᠡᠯᠭᠡ ᠭᠠᠷᠭᠠᠬᠤ ᠶᠢᠨ ᠬᠠᠮᠲᠤ ᠴᠥᠮ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠯᠤᠭ᠎ᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠲᠣᠭᠲᠠᠴᠠ ᠶᠢ ᠪᠠᠶᠢᠭᠤᠯᠵᠤ᠂ ᠠᠷᠠᠳ ᠣᠯᠠᠨ ᠤ ︽ᠡᠪᠡᠳᠴᠢᠨ ᠲᠠᠢ ᠪᠤᠯ ᠵᠠᠰᠠᠵᠦ ᠳᠡᠶᠢᠯᠬᠦ᠂ ᠬᠡᠷᠡᠭᠯᠡᠬᠦ ᠠᠴᠠ ᠡᠮ ᠲᠠᠢ︾ ᠪᠠᠶᠢᠬᠤ ᠶᠢ ᠦᠨᠡᠨᠬᠦ ᠪᠠᠲᠤᠯᠠᠨ᠎ᠠ︔ ᠭᠤᠷᠪᠠ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠳᠣᠣᠰᠢᠯ ᠤᠨ ᠰᠠᠭᠤᠷᠢ ᠶᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠲᠥᠯᠥᠭᠡᠯᠡᠬᠦ ᠴᠢᠨᠠᠷᠲᠠᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠭᠳᠠᠭᠰᠠᠳ ᠤᠨ ᠦᠯᠢᠭᠡᠷ ᠲᠤ ᠸᠢᠷᠦ᠋ᠰ ᠤᠨ ᠭᠧᠨ ᠤ ᠪᠦᠯᠦᠭ ᠤᠨ ᠳᠠᠷᠠᠭᠠᠯᠠᠯ ᠪᠠ ᠳᠡᠰ ᠳᠠᠷᠠᠭᠠᠯᠠᠯ ᠤᠨ ᠬᠠᠷᠢᠴᠠᠭᠤᠯᠤᠯ ᠵᠠᠳᠠᠯᠤᠯᠲᠠ ᠬᠢᠬᠦ ᠪᠠᠷ ᠳᠡᠮᠵᠢᠨ᠂ ᠮᠠᠨ ᠤ ᠲᠤᠭᠤᠷᠢᠭ ᠤᠨ ᠲᠣᠰ ᠭᠠᠵᠠᠷ ᠣᠷᠣᠨ ᠳᠤ ᠳᠡᠯᠭᠡᠷᠡᠵᠦ ᠪᠠᠶᠢᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠠᠭᠤᠷᠢ ᠶᠢᠨ ᠪᠦᠷᠢᠯᠳᠦᠯ ᠪᠠ ᠲᠠᠷᠬᠠᠯᠲᠠ ᠶᠢ ᠬᠥᠳᠡᠯᠦᠩᠭᠦᠢ ᠪᠠᠷ ᠬᠢᠨᠠᠨ ᠬᠡᠮᠵᠢᠵᠦ᠂ ᠰᠢᠨ᠎ᠡ ᠣᠨᠳᠣᠣᠰᠢᠭᠰᠠᠨ ᠰᠠᠭᠤᠷᠢ ᠶᠢ ᠴᠠᠭ ᠲᠤᠬᠠᠢ ᠳᠤᠨᠢ ᠢᠯᠡᠷᠡᠭᠦᠯᠵᠦ᠂ ᠣᠨᠳᠣᠣᠰᠢᠭᠰᠠᠨ ᠰᠠᠭᠤᠷᠢ ᠶᠢᠨ ᠲᠠᠷᠬᠠᠬᠤ ᠴᠢᠳᠠᠪᠤᠷᠢ᠂ ᠡᠪᠡᠳᠴᠢᠯᠡᠭᠦᠯᠬᠦ ᠴᠢᠳᠠᠪᠤᠷᠢ ᠪᠠ ᠡᠭᠡᠯᠢᠯᠡᠭᠡ ᠶᠢᠨ ᠵᠠᠶᠢᠯᠠᠬᠤ ᠴᠢᠳᠠᠪᠤᠷᠢ ᠵᠡᠷᠭᠡ ᠠᠮᠢᠳᠤ ᠪᠣᠳᠠᠰ ᠤᠨ ᠤᠬᠠᠭᠠᠨ ᠤ ᠥᠪᠡᠷᠮᠢᠴᠡ ᠴᠢᠨᠠᠷ ᠤᠨ ᠬᠤᠪᠢᠷᠠᠯᠲᠠ ᠪᠠ ᠲᠦᠭᠰᠢᠭᠦᠷᠢ ᠶᠢ ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠣᠳᠣᠬᠠᠨ ᠳᠤ ᠮᠠᠨ ᠤ ᠲᠤᠭᠤᠷᠢᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠨᠢ ᠭᠤᠣᠯᠳᠠᠭᠤ ᠣᠮᠢᠺᠷᠦᠶᠢᠩ BF7 ᠪᠠ BA5.2 ᠬᠤᠣᠷᠲᠤ ᠰᠠᠭᠤᠷᠢ ᠪᠠᠷ ᠭᠤᠣᠯᠯᠠᠵᠤ᠂ ᠣᠳᠣᠬᠠᠨ ᠳᠤ ᠰᠢᠨ᠎ᠡ ᠬᠡᠯᠪᠡᠷᠢ ᠶᠢᠨ ᠬᠤᠣᠷᠲᠤ ᠰᠠᠭᠤᠷᠢ ᠢᠯᠡᠷᠡᠭᠰᠡᠨ ᠦᠭᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号