ᠴᠢᠩᠱᠠᠨ ᠲᠣᠭᠤᠷᠠᠭ ᠤᠨ ᠨᠡᠶᠢᠭᠡᠮ ᠤᠨ ᠵᠣᠬᠢᠶᠠᠨ ᠪᠠᠶᠢᠭᠤᠯᠣᠯᠳᠠ ︽ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢ ᠣᠬᠠᠭᠤᠯᠵᠣ ᠡᠭᠦᠳᠣᠨ ᠪᠠᠶᠢᠭᠤᠯᠬᠤ ᠠᠵᠢᠯᠯᠠᠭ᠎ᠠ︾ ᠶᠢ ᠵᠢᠩᠬᠢᠨᠢ ᠪᠠᠷ ᠡᠬᠢᠯᠡᠨ ᠥᠷᠨᠢᠭᠦᠯᠪᠠ
ᠨᠡᠶᠢᠲᠡᠯᠡᠭᠰᠡᠨ ᠴᠠᠭ᠄
2023/3/10
      ᠰᠢ ᠶᠢᠨ ᠫᠢᠩ ᠶᠷᠣᠩᠭᠡᠢ ᠱᠥᠵᠢ ᠶᠢᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠨ ᠶᠡᠷᠢᠶᠡᠨ ᠤ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠭᠥᠨᠵᠡᠭᠡᠢ ᠰᠣᠷᠣᠯᠴᠡᠨ ᠣᠬᠠᠭᠤᠯᠵᠣ ᠲᠣᠭᠤᠰᠢᠯᠠᠭᠤᠯᠣᠨ᠂ ᠨᠠᠮ ᠤᠨ ᠥᠨᠳᠥᠰᠥᠳᠡᠨ ᠤ ᠣᠨᠣᠯ᠂ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠬᠥᠮᠥᠵᠢᠯ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠠᠭ ᠤᠨ ᠨᠡᠶᠢᠭᠡᠮ ᠤᠨ ᠵᠣᠬᠢᠶᠠᠨ ᠪᠠᠶᠢᠭᠤᠯᠣᠯᠳᠠ ︽ᠨᠠᠮ ᠤᠨ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢ ᠭᠥᠨᠵᠡᠭᠡᠢ ᠣᠬᠠᠭᠤᠯᠣᠨ ᠲᠣᠭᠤᠰᠢᠯᠠᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ︾ ᠪᠠᠷ ᠭᠤᠣᠯ ᠰᠡᠳᠣᠪ ᠪᠣᠯᠭᠠᠭᠰᠠᠨ ︽ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢ ᠣᠬᠠᠭᠤᠯᠵᠣ ᠡᠭᠦᠳᠣᠨ ᠪᠠᠶᠢᠭᠤᠯᠬᠤ︾ ᠲᠥᠪᠯᠡᠷᠡᠩᠬᠦᠢ ᠣᠬᠠᠭᠤᠯᠭ᠎ᠠ ᠶᠢᠨ ᠠᠵᠢᠯᠯᠠᠭ᠎ᠠ ᠶᠢ ᠥᠷᠨᠢᠬᠦᠯᠪᠠ᠃ ᠡᠯ᠎ᠡ ᠨᠡᠶᠢᠭᠡᠮ ᠤᠨ ᠵᠣᠬᠢᠶᠠᠨ ᠪᠠᠶᠢᠭᠤᠯᠣᠯᠳᠠ ᠨᠤᠭᠤᠳ ᠲᠥᠪᠯᠡᠷᠡᠭᠦᠯᠥᠨ ᠣᠬᠠᠭᠤᠯᠵᠣ ᠲᠠᠶᠢᠯᠪᠣᠷᠢᠯᠠᠬᠤ ᠭᠡᠯᠪᠡᠷᠢ ᠪᠠᠷ ᠲᠠᠮᠵᠢᠨ ᠰᠣᠷᠣᠯᠴᠠᠵᠣ᠂ LED ᠲᠣᠮᠣ ᠲᠡᠯᠭᠡᠴᠨ ᠪᠠᠷ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠤᠷᠢᠶ᠎ᠠ ᠯᠣᠽᠦ᠋ᠩ᠂ ᠣᠯᠠᠨ ᠨᠡᠶᠢᠲᠡ ᠶᠢᠨ ᠳ᠋ᠣᠭᠠᠷ ᠨᠡᠶᠢᠳᠡᠯᠡᠭᠦ ᠵᠢᠴᠢ ᠸᠢᠴᠠᠲ ᠤᠨ ᠪᠥᠯᠥᠭ ᠵᠡᠷᠭᠡ ᠭᠡᠯᠪᠡᠷᠢ ᠪᠠᠷ ᠣᠬᠠᠭᠤᠯᠵᠣ᠂ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠣᠯᠳᠠ ᠶᠢᠨ ᠨᠠᠮ ᠤᠨ ᠥᠨᠳᠥᠰᠥᠳᠡᠨ ᠤ ᠣᠨᠣᠯ᠂ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠵᠢᠴᠢ ᠬᠠᠣᠯᠢ ᠴᠠᠭᠠᠵᠨ ᠲᠥᠷᠢᠮ ᠲᠣᠭᠳᠠᠭᠠᠯ ᠢ ᠰᠣᠷᠣᠯᠴᠡᠨ ᠣᠬᠠᠭᠤᠯᠬᠤ ᠬᠠᠯᠠᠭᠤᠨ ᠥᠷᠨᠢᠯᠲᠡ ᠶᠢ ᠭᠠᠷᠭᠠᠭᠰᠠᠨ ᠪᠠᠶᠢᠨ᠎ᠠ᠃        ᠴᠢᠩᠱᠠᠨ ᠲᠣᠭᠤᠷᠢᠭ ᠤᠨ ᠠᠷᠠᠳ ᠤᠨ ᠶᠠᠪᠣᠳᠠᠯ ᠤᠨ ᠲᠣᠪᠴᠢᠶ᠎ᠠ ᠶᠢᠨ ᠬᠢᠨ ᠲᠣᠰ ᠣᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠣ᠂ ︽ᠬᠥᠭᠵᠢᠯᠳᠡ ᠶᠢᠨ ᠭᠥᠴᠣ ᠪᠠᠨ ᠬᠠᠮᠳᠣᠳᠬᠠᠨ ᠠᠵᠢᠯᠯᠠᠭ᠎ᠠ ᠪᠠᠨ ᠲᠥᠪᠯᠡᠷᠡᠬᠦᠯᠬᠦ︾ ᠶᠢ ᠭᠥᠨᠵᠡᠭᠡᠢ ᠥᠷᠨᠢᠭᠦᠯᠣᠨ᠂ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠣᠯᠳᠠ ᠶᠢᠨ ᠡᠯ᠎ᠡ ᠲᠠᠯ᠎ᠠ ᠶᠢᠨ ᠭᠥᠴᠥᠨ ᠢ ᠢᠳᠡᠪᠬᠢᠳᠠᠢ ᠲᠠᠶᠢᠴᠢᠯᠠᠵᠣ᠂ ᠨᠠᠮ ᠤᠨ ᠥᠨᠳᠥᠰᠥᠳᠡᠨ ᠤ ᠣᠨᠣᠯ ᠢ ᠥᠷᠭᠡᠨ ᠢᠶᠠᠷ ᠣᠬᠠᠭᠤᠯᠵᠣ᠂ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠶᠢ ᠥᠢᠯᠡᠳᠣᠯᠭᠡᠵᠢᠬᠦᠯᠵᠣ᠂ ᠣᠯᠠᠨ ᠲᠥᠮᠡᠨ ᠤ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢ ᠡᠭᠦᠳᠣᠨ ᠪᠠᠶᠢᠭᠤᠯᠬᠤ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠲᠠᠰᠣᠷᠠᠯᠳᠠ ᠥᠭᠡᠢ ᠲᠡᠭᠡᠭᠰᠢᠯᠡᠭᠦᠯᠵᠣ᠂ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢᠨ ᠨᠥᠯᠥᠭᠡᠯᠡᠬᠦ ᠬᠡᠪᠴᠢᠶ᠎ᠡ ᠪᠠ ᠣᠶᠢᠯᠠᠭᠠᠬᠤ ᠨᠣᠷᠮ᠎ᠠ ᠶᠢ ᠲᠡᠭᠡᠭᠰᠢᠯᠡᠭᠦᠯᠥᠨ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ︽ᠨᠠᠢᠮᠠ ᠳᠤ ᠣᠷᠣᠭᠤᠯᠬᠤ︾ ᠠᠭᠤᠯᠤᠭᠳᠠᠬᠤᠨ ᠢ ᠣᠯᠠᠮ ᠨᠢᠬᠡ ᠠᠯᠬᠤᠮ ᠭᠥᠨᠵᠡᠭᠡᠶᠢᠷᠡᠭᠦᠯᠥᠨ᠂ ᠠᠵᠢᠯ ᠤᠨ ᠲᠥᠷᠢᠮ ᠢᠶᠠᠨ ᠪᠥᠷᠢᠨᠰᠢᠭᠦᠯᠥᠨ ᠲᠡᠭᠦᠯᠳᠡᠷᠵᠢᠭᠦᠯᠵᠣ᠂ ᠥᠨᠳᠥᠰᠥᠳᠡᠨ ᠤ ᠣᠨᠣᠯ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠬᠥᠮᠥᠵᠢᠯ ᠢ ᠪᠥᠬᠦ ᠨᠡᠶᠢᠭᠡᠮ ᠤᠨ ᠬᠦᠷᠢᠶ᠎ᠡ ᠴᠠᠷᠠᠭ᠎ᠠ ᠨᠢᠬᠡᠪᠣᠷᠢ ᠳᠤ ᠰᠢᠬᠢᠳᠭᠡᠨ ᠣᠷᠣᠭᠤᠯᠵᠣ᠂ ᠥᠨᠳᠥᠰᠥᠳᠡᠨ ᠤ ᠪᠥᠯᠬᠦᠮᠳᠡᠯ ᠤᠨ ᠬᠥᠮᠥᠵᠢᠯ ᠤᠨ ᠥᠷ᠎ᠡ ᠪᠥᠳᠥᠮᠵᠢ ᠶᠢ ᠥᠨᠡᠨᠬᠦ ᠪᠡᠶᠡᠯᠡᠭᠦᠯᠬᠦ ᠪᠣᠯᠣᠨ᠎ᠠ᠃ ᠵᠥᠪ ᠣᠨᠣᠪᠴᠢᠳᠠᠢ ᠣᠯᠣᠰ ᠤᠨ ᠲᠣᠬᠠᠢ ᠥᠵᠡᠯᠳᠡ᠂ ᠲᠡᠣᠭᠡ ᠶᠢᠨ ᠥᠵᠡᠯᠳᠡ᠂ ᠥᠨᠳᠥᠰᠥᠳᠡᠨ ᠤ ᠥᠵᠡᠯᠳᠡ᠂ ᠰᠣᠶᠣᠯ ᠤᠨ ᠥᠵᠡᠯᠳᠡ᠂ ᠱᠠᠰᠢᠨ ᠰᠣᠷᠳᠠᠬᠤᠨ ᠤ ᠥᠵᠡᠯᠳᠡ ᠶᠢ ᠪᠠᠳᠣ ᠪᠠᠬᠢ ᠪᠣᠢ ᠪᠣᠯᠭᠠᠵᠣ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠣᠯᠳᠠ ᠶᠢᠨ ᠣᠯᠣᠰ ᠤᠨ ᠣᠬᠠᠮᠰᠠᠷ᠂ ᠬᠠᠣᠯᠢ ᠪᠠᠷ ᠵᠠᠰᠠᠬᠤ ᠣᠬᠠᠮᠰᠠᠷ᠂ ᠠᠷᠠᠳ ᠢᠷᠭᠡᠨ ᠤ ᠣᠬᠠᠮᠰᠠᠷ ᠢ ᠴᠢᠩᠭᠠᠳᠬᠠᠵᠣ᠂ ᠡᠷᠭᠡ ᠲᠡᠭᠰᠢ ᠪᠥᠯᠭᠦᠮᠳᠡᠯ ᠲᠠᠢ ᠬᠠᠷᠢᠯᠴᠠᠨ ᠬᠠᠪᠰᠣᠷᠣᠯᠴᠠᠭᠰᠠᠨ ᠡᠶ᠎ᠡ ᠵᠣᠬᠢᠴᠡᠯ ᠲᠠᠢ ᠨᠡᠶᠢᠭᠡᠮ ᠵᠢᠷᠣᠮ ᠤᠨ ᠥᠨᠳᠥᠰᠥᠳᠡᠨ ᠤ ᠬᠠᠷᠢᠴᠠᠭ᠎ᠠ ᠶᠢ ᠪᠠᠬᠢᠵᠢᠬᠦᠯᠥᠨ ᠬᠥᠭᠵᠢᠬᠦᠯᠵᠤ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠣᠯᠳᠠ ᠶᠢᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠣᠨ ᠠᠨᠠᠷ ᠤᠨ ᠥᠷ᠎ᠡ ᠰᠢᠭ ᠨᠢᠭᠳᠠᠷᠠᠨ ᠪᠥᠯᠬᠦᠮᠳᠡᠭᠦᠯᠥᠨ᠎ᠡ᠃     ᠣᠬᠠᠭᠤᠯᠭ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠲᠣᠭᠤᠷᠢᠭ ᠤᠨ ᠡᠯ᠎ᠡ ᠨᠡᠶᠢᠭᠡᠮ ᠤᠨ ᠵᠣᠬᠢᠶᠠᠨ ᠪᠠᠶᠢᠭᠤᠯᠣᠯᠳᠠ ᠨᠢ ᠡᠯ᠎ᠡ ᠲᠥᠷᠥᠯ ᠤᠨ ᠵᠠᠭᠤᠴᠢᠯᠠᠭᠤᠷ᠂ ᠰᠥᠯᠵᠢᠶᠡᠨ ᠲᠡᠭᠡᠷᠡᠬᠢ ᠪᠠ ᠰᠥᠯᠵᠢᠶᠡᠨ ᠭᠠᠳᠠᠨᠠᠬᠢ ᠣᠯᠠᠨ ᠵᠥᠢᠯ ᠤᠨ ᠠᠷᠭ᠎ᠠ ᠮᠠᠶ᠋ᠢᠭ ᠢ ᠪᠥᠬᠦ ᠲᠠᠯ᠎ᠠ ᠪᠠᠷ ᠠᠰᠢᠭᠯᠠᠨ ᠬᠡᠷᠡᠭᠯᠡᠵᠦ ᠪᠥᠬᠦ ᠲᠠᠯ᠎ᠠ ᠶᠢᠨ᠂ ᠣᠯᠠᠨ ᠬᠠᠷᠠᠭᠠᠰᠣ ᠶᠢᠨ ᠣᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠣᠯᠣᠨ᠎ᠠ᠃
1.png
2.png
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号