ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠬᠥᠳᠡᠯᠮᠦᠷᠢ ᠶᠢᠨ ᠵᠢᠭᠤᠷᠠᠯᠳᠤᠭᠠᠨ ᠢ ᠲᠡᠰᠦᠯᠦᠨ ᠰᠢᠢᠳᠪᠦᠷᠢᠯᠡᠵᠦ᠂ ᠠᠷᠠᠳ ᠤᠨ ᠬᠦᠴᠢᠷ ᠵᠣᠪᠠᠭᠤᠷᠢ ᠶᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/3/10
      ᠣᠶᠢᠷ᠎ᠠ ᠳᠤ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠦᠨᠳᠡᠯᠡᠨ ᠠᠴᠠ ᠲᠠᠰᠤᠯᠬᠤ ᠬᠤᠷᠢᠶ᠎ᠠ ᠯᠢᠦ ᠣᠪᠣᠭᠲᠤ ᠵᠡᠷᠭᠡ 7 ᠬᠥᠮᠥᠨ ᠶᠢᠨ ᠪᠤᠭᠤᠲᠤ ᠬᠤᠲᠠ ᠶᠢᠨ ᠨᠢᠭᠡᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ 2022 ᠣᠨ ᠤ 4 ᠰᠠᠷ᠎ᠠ ︱ 8 ᠰᠠᠷ᠎ᠠ ᠶᠢᠨ 9 ᠲᠦᠮᠡ ᠭᠠᠷᠤᠢ ᠲᠥᠭᠦᠷᠢᠭ ᠬᠥᠳᠡᠯᠮᠦᠷᠢ ᠶᠢᠨ ᠬᠥᠯᠥᠰᠦ ᠣᠯᠭᠤᠮᠵᠢ ᠶᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠲᠤᠰᠴᠠᠢ᠃ ᠲᠤᠬᠠᠢ ᠶᠢᠨ ᠬᠥᠮᠥᠨ ᠤ ᠵᠥᠪᠰᠢᠶᠡᠷᠡᠯ ᠢ ᠣᠯᠣᠭᠰᠠᠨ ᠤ ᠲᠠᠷᠠᠭ᠎ᠠ᠂ ᠬᠥᠨᠳᠡᠯᠡᠨ ᠠᠴᠠ ᠲᠠᠰᠤᠯᠬᠤ ᠬᠤᠷᠢᠶ᠎ᠠ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠦᠨ ᠲᠠᠰᠤᠯᠬᠤ ᠶᠢ ᠵᠣᠯᠭᠠᠭᠤᠯᠬᠤ ᠲᠣᠭᠲᠠᠴᠠ ᠶᠢ ᠡᠬᠢᠯᠡᠭᠦᠯᠵᠦ᠂ ᠬᠡᠷᠡᠭ ᠢ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠲᠥᠪ ︵ᠳᠣᠷᠣᠭᠰᠢ ︽ᠡᠶᠡᠳᠡᠭᠦᠯᠬᠦ ᠲᠥᠪ︾ ᠭᠡᠵᠦ ᠲᠣᠪᠴᠢᠯᠠᠨ᠎ᠠ︶ ᠳᠤ ᠰᠢᠯᠵᠢᠭᠦᠯᠦᠨ ᠬᠦᠷᠭᠡᠵᠦ᠂ ᠡᠶᠡᠳᠡᠭᠦᠯᠬᠦ ᠲᠥᠪ ᠠᠴᠠ ᠬᠥᠨᠳᠡᠯᠡᠨ ᠠᠴᠠ ᠲᠠᠰᠤᠯᠬᠤ ᠠᠴᠠ ᠡᠮᠦᠨ᠎ᠡ ᠡᠶᠡᠳᠡᠭᠦᠯᠬᠦ ᠪᠠᠷ ᠲᠣᠮᠢᠯᠠᠪᠠ᠃ ᠲᠤᠰ ᠮᠠᠷᠭᠤᠯᠳᠤᠭᠠᠨ ᠤ ᠬᠡᠷᠡᠭ ᠤᠨ ᠲᠤᠬᠠᠢ ᠶᠢᠨ ᠬᠥᠮᠥᠨ ᠤ ᠬᠤᠶᠠᠷ ᠡᠲᠡᠭᠡᠳ ᠤᠨ ᠬᠥᠮᠥᠨ ᠬᠡᠷᠡᠭᠯᠡᠬᠦ ᠨᠢᠭᠡᠴᠢ ᠶᠢᠨ ᠲᠥᠯᠥᠭᠡᠯᠡᠭᠴᠢ ᠨᠢ 7 ᠭᠤᠶᠤᠴᠢᠯᠠᠭᠴᠢ ᠲᠠᠢ ᠬᠠᠮᠲᠤ ᠪᠠᠷ ᠡᠶᠡᠳᠡᠭᠦᠯᠬᠦ ᠲᠠᠰᠤᠭ ᠲᠤ ᠰᠠᠭᠤᠵᠤ᠂ ᠡᠶᠡᠳᠡᠭᠦᠯᠦᠭᠴᠢ ᠨᠢ ᠬᠤᠶᠠᠷ ᠡᠲᠡᠭᠡᠳ ᠤᠨ  ᠬᠢᠨ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠵᠢᠴᠢ ᠬᠠᠤᠯᠢ ᠴᠠᠭᠠᠵᠠ ᠶᠢᠨ ᠬᠠᠷᠢᠴᠠᠭ᠎ᠠ ᠶᠢ ᠨᠠᠷᠢᠨ ᠵᠠᠳᠠᠯᠬᠤ ᠶᠢᠨ ᠬᠠᠮᠲᠤ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠳᠤ ᠴᠢᠭᠯᠡᠭᠦᠯᠦᠨ ᠡᠶᠡᠳᠡᠭᠦᠯᠬᠦ ᠰᠠᠨᠠᠭᠤᠯᠭ᠎ᠠ ᠬᠠᠩᠭᠠᠪᠠ᠃     ᠭᠦᠢᠴᠡᠳ ᠨᠡᠪᠲᠡᠷᠡᠯᠴᠡᠬᠦ ᠪᠠᠷ ᠳᠠᠮᠵᠢᠭᠠᠳ ᠬᠤᠶᠠᠷ ᠡᠲᠡᠭᠡᠳ ᠤᠨ ᠲᠤᠬᠠᠢ ᠶᠢᠨ ᠬᠥᠮᠥᠨ ᠲᠤᠬᠠᠢ ᠶᠢᠨ ᠡᠳᠦᠷ ᠲᠡᠭᠡᠨ ᠳᠠᠷᠤᠢ ᠡᠶᠡᠳᠡᠭᠦᠯᠭᠡ ᠶᠢᠨ ᠬᠡᠯᠡᠯᠴᠡᠭᠡᠷ ᠲᠣᠬᠢᠷᠠᠭᠰᠠᠨ ᠪᠥᠭᠡᠳ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶᠠᠨ ᠤ ᠬᠥᠨᠳᠡᠯᠡᠨ ᠠᠴᠠ ᠲᠠᠰᠤᠯᠬᠤ ᠬᠢᠨᠠᠨ ᠪᠠᠶᠢᠴᠠᠭᠠᠯᠲᠠ ᠪᠠᠷ ᠳᠡᠮᠵᠢᠨ᠂ ᠲᠤᠬᠠᠢ ᠶᠢᠨ ᠲᠠᠯᠠᠪᠤᠷ ᠲᠤᠨᠢ ︽ᠬᠥᠨᠳᠡᠯᠡᠨ ᠠᠴᠠ ᠲᠠᠰᠤᠯᠬᠤ ᠡᠶᠡᠳᠡᠭᠦᠯᠭᠡ ᠶᠢᠨ ᠪᠢᠴᠢᠭ︾ ᠢ ᠰᠣᠯᠢᠵᠤ᠂ ᠭᠤᠶᠤᠴᠢᠯᠠᠭᠴᠢ ᠳᠠᠷᠠᠭ᠎ᠠ ᠡᠳᠦᠷ ᠲᠤᠨᠢ ᠳᠠᠷᠤᠢ ᠠᠩᠬᠠᠨ ᠤ ᠪᠦᠯᠦᠭ ᠴᠠᠯᠢᠩ ᠢᠶᠠᠨ ᠠᠮᠵᠢᠯᠲᠠᠲᠠᠢ ᠤᠯᠤᠭᠰᠠᠨ ᠪᠠᠶᠢᠨ᠎ᠠ᠃ ᠲᠤᠰ ᠬᠡᠷᠡᠭ ᠢ ᠭᠤᠶᠤᠴᠢᠯᠠᠭᠴᠢ ᠠᠴᠠ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠭᠰᠠᠨ ᠠᠴᠠ ᠠᠪᠤᠭᠠᠳ ᠡᠶᠡᠳᠡᠭᠦᠯᠵᠦ ᠳᠠᠭᠤᠰᠬᠠᠬᠤ ᠪᠣᠯᠲᠠᠯ᠎ᠠ ᠵᠥᠪᠬᠡᠨ 7 ᠡᠳᠦᠷ ᠤᠨ ᠴᠠᠭ ᠢ ᠬᠡᠷᠡᠭᠯᠡᠪᠡ᠃     ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠰᠢᠢᠳᠪᠦᠷᠢᠯᠡᠬᠦ ᠶᠢ ᠵᠣᠯᠭᠠᠭᠤᠯᠬᠤ ᠠᠵᠢᠯ ᠢ ᠦᠷᠨᠢᠭᠦᠯᠦᠭᠰᠡᠨ ᠨᠢ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠪᠣᠯᠣᠨ ᠡᠶᠡᠳᠡᠭᠦᠯᠬᠦ ᠲᠥᠪ ᠢ ᠨᠢᠭᠡ ᠴᠣᠭᠴᠠᠵᠢᠭᠤᠯᠤᠨ ᠠᠵᠢᠯᠯᠠᠭᠤᠯᠤᠭᠰᠠᠨ ᠤ ᠨᠢᠭᠡᠨ ᠬᠤᠷᠢᠶᠠᠩᠭᠤᠢ ᠳᠦᠷᠰᠦ᠂ ᠮᠥᠨ ᠴᠦ ᠴᠢᠩᠱᠠᠨ ᠲᠣᠭᠤᠷᠢᠭ ᠤᠨ ︽ᠨᠢᠭᠡ ᠯᠡ ᠥᠷᠲᠡᠭᠡᠨ ᠤ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠰᠢᠭᠲᠠᠢ ᠲᠤᠷᠰᠢᠯᠲᠠ ᠪᠣᠯᠬᠤ ᠶᠤᠮ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠪᠠ ᠡᠶᠡᠳᠡᠭᠦᠯᠬᠦ ᠲᠥᠪ ᠤᠨ ︽ᠵᠡᠭᠦᠨ ᠭᠠᠷ ᠢᠶᠠᠷ ᠢᠶᠠᠨ ᠡᠶᠡᠳᠡᠭᠦᠯᠵᠦ᠂ ᠪᠠᠷᠠᠭᠤᠨ ᠭᠠᠷ ᠢᠶᠠᠷ ᠢᠶᠠᠨ ᠲᠡᠰᠦᠯᠦᠨ ᠲᠣᠭᠲᠠᠭᠠᠬᠤ︾᠂ ︽ᠵᠡᠭᠦᠨ ᠭᠠᠷ ᠢᠶᠠᠷ ᠢᠶᠠᠨ ᠪᠠᠷᠠᠭᠤᠨ ᠭᠠᠷ ᠢᠶᠠᠨ ᠬᠠᠪᠰᠤᠷᠬᠤ᠂ ᠪᠠᠷᠠᠭᠤᠨ ᠭᠠᠷ ᠢᠶᠠᠷ ᠢᠶᠠᠨ ᠵᠡᠭᠦᠨ ᠭᠠᠷ ᠢᠶᠠᠨ ᠲᠤᠯᠭᠠᠭᠤᠷᠢᠯᠠᠬᠤ᠂ ᠵᠡᠭᠦᠨ ᠪᠠᠷᠠᠭᠤᠨ ᠭᠠᠷ ᠢᠶᠠᠷ ᠢᠶᠠᠨ ᠬᠤᠯᠪᠤᠭᠠᠯᠠᠨ ᠬᠥᠳᠡᠯᠦᠯᠴᠡᠬᠦ︾ ᠠᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠬᠥᠳᠡᠯᠮᠦᠷᠢ ᠶᠢᠨ ᠵᠢᠭᠤᠷᠠᠯᠳᠤᠭᠠᠨ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号