ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ | ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ᠪᠤᠭᠤᠲᠤ ᠶᠢᠨ ᠲᠣᠨᠤᠭ ᠲᠥᠬᠦᠭᠡᠷᠦᠮᠵᠢ | ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ︽ᠪᠠᠶᠢᠴᠠᠭᠠᠬᠤ ᠬᠤᠷᠢᠶ᠎ᠠ ᠪᠠ ᠠᠵᠤ ᠠᠬᠤᠶᠢᠯᠠᠯ ᠤᠨ | ᠬᠠᠷᠢᠯᠴᠠᠭᠠᠨ ᠤ ᠥᠷᠲᠡᠭᠡ︾ ᠪᠠᠶᠢᠭᠤᠯᠪᠠ᠃ | ︽ᠪᠠᠶᠢᠴᠠᠭᠠᠬᠤ ᠬᠤᠷᠢᠶ᠎ᠠ ᠪᠠ ᠠᠵᠤ ᠠᠬᠤᠶᠢᠯᠠᠯ ᠤᠨ ᠬᠠᠷᠢᠯᠴᠠᠭᠠᠨ ᠤ ᠥᠷᠲᠡᠭᠡ︾ ᠪᠣᠯ ᠪᠠᠶᠢᠴᠠᠭᠠᠬᠤ | ᠪᠠᠶᠢᠭᠤᠯᠭ᠎ᠠ ᠶᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ᠂ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ᠂ ᠤᠨᠢᠨ ᠳᠡᠭᠡᠷ᠎ᠡ ᠨᠢ ᠦᠢᠯᠡᠴᠢᠯᠡᠬᠦ ᠶᠢ ᠢᠳᠡᠪᠬᠢᠲᠡᠢ ᠰᠦᠪᠡᠭᠴᠢᠯᠡᠬᠦ ᠪᠤᠯᠤᠨ᠎ᠠ᠃ ᠦᠨᠳᠦᠰᠦᠨ ᠵᠣᠷᠢᠯᠭ᠎ᠠ | ᠨᠢ ᠪᠠᠶᠢᠴᠠᠭᠠᠬᠤ ᠪᠠᠶᠢᠭᠤᠯᠭ᠎ᠠ ᠪᠣᠯᠣᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ | ᠵᠢᠴᠢ ᠴᠢᠩᠱᠠᠨ ᠲᠣᠭᠤᠷᠢᠭ ᠤᠨ ᠠᠵᠤ ᠠᠬᠤᠶᠢᠯᠠᠯᠲᠠᠨ ᠤ ᠬᠠᠷᠢᠯᠴᠠᠭ᠎ᠠ ᠶᠢ ᠴᠢᠩᠭᠠᠳᠬᠠᠵᠤ᠂ ᠥᠷᠭᠡᠨ ᠤᠯᠠᠨ ᠠᠵᠤ | ᠠᠬᠤᠶᠢᠯᠠᠯ ᠳᠤ ᠨᠡᠩ ᠰᠢᠭᠤᠳ᠂ ᠨᠡᠩ ᠳᠥᠭᠦᠮ ᠳᠥᠲᠡ᠂ ᠨᠡᠩ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ | ᠦᠢᠯᠡᠴᠢᠯᠡᠭᠡ ᠬᠠᠩᠭᠠᠵᠤ᠂ ᠪᠦᠬᠦ ᠲᠤᠭᠤᠷᠢᠭ ᠤᠨ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ | ᠴᠢᠨᠠᠭᠰᠢᠳᠠ ᠠᠬᠢᠭᠤᠯᠬᠤ ᠶᠢᠨ ᠲᠥᠯᠥᠭᠡ ᠶᠤᠮ᠃ | ᠬᠤᠶᠢᠰᠢᠳᠠ ᠴᠢᠩᠱᠠᠨ ᠲᠣᠭᠤᠷᠢᠭ ᠤᠨ ᠪᠠᠶᠢᠴᠠᠭᠠᠬᠤ ᠬᠤᠷᠢᠶ᠎ᠠ ︽ᠪᠠᠶᠢᠴᠠᠭᠠᠬᠤ ᠬᠤᠷᠢᠶ᠎ᠠ ᠪᠠ ᠠᠵᠤ | ᠠᠬᠤᠶᠢᠯᠠᠯ ᠤᠨ ᠬᠠᠷᠢᠯᠴᠠᠭᠠᠨ ᠤ ᠥᠷᠲᠡᠭᠡ︾ ᠪᠠᠷ ᠲᠠᠪᠴᠠᠩ ᠪᠣᠯᠭᠠᠵᠤ᠂ ᠠᠵᠤ ᠠᠬᠤᠶᠢᠯᠠᠯ ᠯᠤᠭ᠎ᠠ ᠶᠢᠨ | ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠷᠣᠨ ᠪᠦᠰᠡ ᠶᠢᠨ ᠠᠵᠤ ᠠᠬᠤᠢ ᠳᠤ ᠦᠢᠯᠡᠴᠢᠯᠡᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠪᠠᠶᠢᠴᠠᠭᠠᠬᠤ ᠬᠤᠷᠢᠶ᠎ᠠ ᠪᠠ ᠠᠵᠤ | ᠠᠬᠤᠶᠢᠯᠠᠯ ᠤᠨ ᠬᠠᠷᠢᠯᠴᠠᠭᠠᠨ ᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠬᠠᠤᠯᠢ | ᠴᠠᠭᠠᠵᠠ ᠶᠢᠨ ᠬᠦᠰᠡᠯ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠨᠡᠩ | ᠰᠠᠶᠢᠲᠤᠷ ᠰᠢᠯᠢᠳᠡᠭᠵᠢᠭᠦᠯᠦᠨ᠎ᠡ᠃ ︽ᠠᠵᠤ ᠠᠬᠤᠶᠢᠯᠠᠯ ᠠᠴᠠ ᠬᠡᠷᠡᠭᠴᠡᠭᠡ ᠠᠰᠠᠭᠤᠬᠤ︾᠂ ︽ᠠᠵᠤ ᠠᠬᠤᠶᠢᠯᠠᠯ ᠠᠴᠠ | ᠠᠷᠭ᠎ᠠ ᠪᠣᠳᠣᠯᠭ᠎ᠠ ᠠᠰᠠᠭᠤᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠴᠠᠭ ᠲᠤᠬᠠᠢ ᠳᠤᠨᠢ | ᠣᠶᠢᠯᠠᠭᠠᠵᠤ᠂ ᠠᠵᠤ ᠠᠬᠤᠶᠢᠯᠠᠯ ᠤᠨ ᠨᠡᠩ ᠨᠠᠷᠢᠯᠢᠭ ᠤᠨᠤᠪᠴᠢᠲᠠᠢ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠲᠣᠭᠲᠠᠭᠠᠨ ᠦᠢᠯᠡᠳᠬᠦ ᠳᠤ ᠦᠢᠯᠡᠴᠢᠯᠡᠵᠦ᠂ ᠴᠢᠩᠱᠠᠨ ᠲᠣᠭᠤᠷᠢᠭ ᠤᠨ ᠠᠵᠤ ᠠᠬᠤᠢ ᠶᠢᠨ | ᠬᠥᠭᠵᠢᠯᠲᠡ ᠳᠤ ᠪᠠᠶᠢᠴᠠᠭᠠᠬᠤ ᠬᠦᠴᠦᠨ ᠢᠶᠠᠨ ᠨᠡᠮᠡᠷᠢᠯᠡᠨ᠎ᠡ᠃ | | ︵ᠢᠷᠡᠯᠲᠡ᠄ ᠪᠤᠭᠤᠲᠦ ᠬᠤᠲᠠ ᠶᠢᠨ ᠴᠢᠩᠱᠠᠨ ᠲᠤᠭᠤᠷᠢᠭ ᠤᠨ ᠪᠠᠶᠢᠴᠠᠭᠠᠬᠤ ᠬᠤᠷᠢᠶ᠎ᠠ︶ | | | |