ᠬᠥᠮᠦᠵᠢᠯ ᠪᠣᠯᠪᠠᠰᠤᠷᠠᠭᠤᠯᠤᠯ ᠨᠠᠮᠴᠢ ᠴᠢᠨᠠᠷ ᠢ ᠬᠦᠭᠵᠢᠭᠡᠵᠦ      ᠰᠠᠭᠤᠷᠢ ᠶᠢ ᠪᠠᠳᠤᠳᠬᠠᠨ ᠤᠭ ᠰᠠᠨᠠᠭ᠎ᠠ  ᠪᠠᠨ ᠪᠠᠷᠢᠮᠲᠠᠯᠠᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/3/13
      ᠪᠦᠬᠦ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠡᠵᠡᠮᠰᠢᠬᠦ ᠶᠢ ᠬᠥᠲᠥᠯᠥᠨ ᠵᠢᠯᠤᠭᠤᠳᠴᠤ᠂ ᠤᠯᠤᠰ ᠲᠦᠷᠦ ᠶᠢᠨ ᠬᠡᠪ ᠪᠣᠯᠪᠠᠰᠤᠷᠠᠯ᠂ ᠤᠨᠤᠯ ᠤᠨ ᠲᠦᠪᠰᠢᠨ ᠪᠠ ᠨᠠᠮᠴᠢ ᠴᠢᠨᠠᠷ ᠤᠨ ᠪᠣᠯᠪᠠᠰᠤᠷᠠᠯ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ ᠶᠢᠨ ᠲᠦᠯᠦᠭᠡ᠂ 3 ᠰᠠᠷ᠎ᠠ ᠶᠢᠨ 9  ᠤ ᠡᠳᠦᠷ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠨᠠᠮ ᠤᠨ ᠡᠭᠦᠷ ᠤᠨ ᠬᠤᠷᠢᠶ᠎ᠠ ᠪᠠ ᠡᠯ᠎ᠡ ᠨᠡᠶᠢᠭᠡᠮ ᠲᠣᠭᠤᠷᠢᠭ ᠤᠨ ᠪᠦᠬᠦ ᠨᠠᠮ ᠤᠨ ᠭᠡᠰᠢᠭᠦᠳ ᠵᠧᠵᠢᠶᠠᠩ ᠶᠡᠭᠡ ᠰᠤᠷᠭᠠᠭᠤᠯᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠡᠭᠦᠯᠡᠨ ᠰᠤᠷᠤᠯᠴᠠᠯᠭ᠎ᠠ ᠶᠢᠨ ᠲᠢᠩᠭᠢᠮ ᠶᠢ ᠠᠰᠢᠭᠯᠠᠨ ᠲᠥᠪᠯᠡᠷᠡᠭᠦᠯᠦᠨ ᠰᠤᠷᠤᠯᠴᠠᠪᠠ᠃     ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠥᠮᠦᠵᠢᠯ ᠪᠠ ᠺᠠᠳ᠋ᠷ ᠢ ᠰᠢᠯᠭᠠᠨ ᠦᠨᠡᠯᠡᠬᠦ ᠲᠥᠪ ᠤᠨ ᠤᠤᠯ ᠤᠨ ᠡᠷᠬᠢᠯᠡᠭᠴᠢ ᠰᠤᠳᠤᠯᠤᠭᠴᠢ ︽ᠨᠠᠮᠴᠢ ᠴᠢᠨᠠᠷ ᠤᠨ ᠬᠥᠮᠦᠵᠢᠯ ᠤᠨ ᠰᠢᠨ᠎ᠡ ᠡᠭᠦᠳᠦᠯᠲᠡ ᠪᠣᠯᠣᠨ ᠪᠣᠳᠣᠯᠬᠢᠯᠠᠯ ᠤᠨ ᠲᠤᠬᠠᠢ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠲᠠᠶᠢᠯᠤᠮᠵᠢ ᠳᠤ᠂ ᠨᠠᠮ ᠤᠨ ᠭᠡᠰᠢᠭᠦᠨ ᠤ ᠬᠥᠮᠦᠵᠢᠯ ᠪᠣᠯ ᠨᠠᠮ ᠤᠨ ᠪᠠᠶᠢᠭᠤᠯᠤᠯᠲᠠ ᠶᠢᠨ ᠰᠠᠭᠤᠷᠢ ᠠᠵᠢᠯ ᠪᠠ ᠤᠷᠲᠤ ᠬᠤᠭᠤᠴᠠᠭᠠᠨ ᠤ ᠡᠭᠦᠷᠭᠡ ᠮᠥᠨ᠂ ᠨᠢᠭᠡ ᠵᠦᠢᠯ ᠤᠨ ᠰᠦᠭ ᠰᠦᠨᠡᠰᠦ ᠶᠢ ᠨᠢᠭᠲᠠᠷᠠᠭᠤᠯᠵᠤ᠂ ᠰᠠᠭᠤᠷᠢ ᠶᠢ ᠪᠠᠲᠤᠳᠬᠠᠨ ᠪᠠᠬᠢᠵᠢᠭᠦᠯᠬᠦ ᠴᠢᠬᠤᠯᠠ ᠢᠨᠵᠧᠨᠧᠷᠢᠩ ᠮᠥᠨ ᠭᠡᠵᠦ ᠵᠢᠭᠠᠨ ᠭᠠᠷᠭᠠᠬᠤ ᠶᠢᠨ ᠬᠠᠮᠲᠦ᠂ ᠲᠡᠷᠡᠴᠢᠯᠡᠨ ᠨᠠᠮᠴᠢ ᠴᠢᠨᠠᠷ ᠤᠨ ᠴᠢᠬᠤᠯᠠ ᠴᠢᠨᠠᠷ᠂ ᠰᠢᠨ᠎ᠡ ᠴᠠᠭ ᠦᠶ᠎ᠡ ᠶᠢᠨ ᠨᠠᠮᠴᠢ ᠴᠢᠨᠠᠷ ᠤᠨ ᠢᠯᠡᠷᠡᠯ᠂ ᠨᠠᠮᠴᠢ ᠴᠢᠨᠠᠷ ᠤᠨ ᠠᠭᠤᠯᠤᠭᠳᠠᠬᠤᠨ ᠢ ᠬᠡᠷᠬᠢᠨ ᠡᠵᠡᠮᠰᠢᠬᠦ᠂ ᠨᠠᠮᠴᠢ ᠴᠢᠨᠠᠷ ᠢ ᠬᠡᠷᠬᠢᠨ ᠳᠠᠪᠲᠠᠨ ᠪᠣᠯᠪᠠᠰᠤᠷᠠᠭᠤᠯᠬᠤ ᠪᠠ ᠳᠡᠭᠡᠭᠰᠢᠯᠡᠭᠦᠯᠬᠦ ᠲᠠᠯ᠎ᠠ ᠠᠴᠠ ᠪᠦᠬᠦ ᠲᠠᠯ᠎ᠠ ᠪᠠᠷ᠂ ᠭᠦᠨ ᠳᠠᠪᠬᠤᠷᠭ᠎ᠠ ᠶᠢᠨ ᠲᠠᠶᠢᠯᠤᠮᠵᠢ ᠬᠢᠵᠦ᠂ ︽ᠨᠠᠮᠴᠢ ᠴᠢᠨᠠᠷ ᠤᠨ ᠬᠥᠮᠦᠵᠢᠯ ᠢ ᠰᠤᠷᠲᠠᠯ ᠤᠨ ᠪᠠᠶᠢᠭᠤᠯᠤᠯᠲᠠ ᠳᠡᠭᠡᠷ᠎ᠡ ᠨᠠᠶᠢᠳᠠᠪᠤᠷᠢᠵᠢᠭᠤᠯᠬᠤ︾ ᠱᠠᠭᠠᠷᠳᠠᠯᠭ᠎ᠠ ᠳᠤᠷᠠᠳᠴᠤ᠂ ᠪᠠᠰᠠ ᠣᠳᠣᠬᠠᠨ ᠤ ᠺᠠᠳ᠋ᠷ ᠤᠨ ᠰᠤᠷᠭᠠᠨ ᠬᠥᠮᠦᠵᠢᠯ ᠤᠨ ᠳᠤᠮᠳᠠ ᠣᠷᠣᠰᠢᠵᠤ ᠪᠠᠶᠢᠭ᠎ᠠ ᠰᠤᠷᠤᠭᠴᠢᠳ ᠤᠨ ᠰᠢᠮᠳᠠᠨ ᠰᠤᠷᠤᠯᠴᠠᠬᠤ ᠦᠭᠡᠢ᠂ ᠭᠦᠨᠵᠡᠭᠡᠢ ᠰᠤᠷᠤᠯᠴᠠᠬᠤ ᠦᠭᠡᠢ᠂ ᠪᠣᠯᠪᠠᠰᠤᠷᠠᠭᠤᠯᠤᠨ ᠬᠥᠮᠥᠵᠢᠭᠦᠯᠬᠦ ᠠᠷᠭ᠎ᠠ ᠬᠡᠯᠪᠡᠷᠢ ᠪᠠ ᠣᠶᠢᠯᠠᠭᠠᠭᠳᠠᠬᠤᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠤᠷᠤᠯᠴᠠᠯᠭ᠎ᠠ ᠶᠢᠨ ᠰᠠᠨᠠᠭᠠᠴᠢᠯᠠᠭᠠᠲᠤ ᠡᠷᠬᠡ ᠶᠢ ᠰᠤᠷᠤᠭᠴᠢᠳ ᠲᠤ ᠪᠤᠴᠠᠭᠠᠨ ᠥᠭᠴᠦ᠂ ᠰᠤᠷᠤᠭᠴᠢᠳ ᠢ ᠦᠨᠡᠨᠬᠦ ᠰᠤᠷᠤᠯᠴᠠᠯᠭ᠎ᠠ ᠶᠢᠨ ᠭᠤᠣᠯ ᠴᠣᠭᠴᠠ ᠪᠣᠯᠭᠠᠵᠤ᠂ ᠪᠣᠯᠪᠠᠰᠤᠷᠠᠭᠤᠯᠤᠭᠴᠢᠳ ᠢᠶᠠᠷ ᠨᠡᠩ ᠤᠯᠠᠨ ᠬᠠᠷᠢᠭᠤᠴᠠᠯᠭ᠎ᠠ ᠡᠭᠦᠷᠭᠡᠯᠡᠭᠦᠯᠵᠦ᠂ ᠰᠢᠨ᠎ᠡ ᠴᠠᠭ ᠦᠶ᠎ᠡ ᠶᠢ ᠴᠢᠩᠭ᠎ᠠ ᠡᠵᠡᠮᠳᠡᠭᠦᠯᠵᠦ᠂ ᠨᠠᠮᠴᠢ ᠴᠢᠨᠠᠷ ᠤᠨ ᠬᠥᠮᠦᠵᠢᠯ ᠳᠤ ᠰᠢᠨ᠎ᠡ ᠠᠭᠤᠯᠤᠭᠳᠠᠬᠤᠨ ᠨᠡᠮᠡᠷᠢᠯᠡᠬᠦ ᠬᠡᠷᠡᠭᠲᠡᠢ ᠭᠡᠵᠦ ᠳᠤᠷᠠᠳᠪᠠ᠃     ᠪᠦᠬᠦ ᠨᠠᠮ ᠤᠨ ᠭᠡᠰᠢᠭᠦᠨ ᠪᠣᠯᠪᠠᠰᠤᠷᠠᠯ ᠬᠢᠭᠰᠡᠨ ᠤ ᠪᠠᠨ ᠳᠠᠷᠠᠭ᠎ᠠ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠳᠠᠮᠵᠢᠨ ᠵᠣᠷᠢᠭ ᠰᠠᠨᠠᠭ᠎ᠠ ᠪᠠᠨ ᠠᠷᠢᠭᠤᠳᠬᠠᠵᠤ᠂ ᠦᠵᠡᠯ ᠰᠠᠨᠠᠭ᠎ᠠ ᠪᠠᠨ ᠳᠠᠪᠲᠠᠨ ᠪᠤᠯᠪᠠᠰᠤᠷᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠳᠤᠮᠳᠠ ᠪᠠᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠭ ᠰᠠᠨᠠᠭ᠎ᠠ ᠪᠠᠨ ᠪᠠᠲᠤ ᠰᠠᠬᠢᠵᠤ᠂ ᠡᠷᠴᠢ ᠵᠣᠷᠢᠭ ᠢᠶᠠᠨ ᠬᠥᠪᠴᠢᠯᠡᠵᠦ᠂ ᠦᠨᠡᠨᠴᠢ ᠰᠢᠳᠤᠷᠭᠤ ᠪᠠᠷ ᠴᠢᠷᠮᠠᠶᠢᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号