ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ︽ᠰᠡᠳᠬᠢᠯ ᠤᠨ ᠲᠥᠯᠥᠪᠯᠡᠭᠡ︾ ᠶᠢᠨ ᠲᠦᠷᠦᠯ ᠵᠦᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/3/13
      3 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠳᠠᠭᠠᠭᠠᠨ ᠡᠷᠭᠢᠯᠡᠭᠰᠡᠨ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ︽ᠰᠡᠳᠬᠢᠯ ᠤᠨ ᠲᠥᠯᠥᠪᠯᠡᠭᠡ︾ ᠶᠢᠨ ᠲᠦᠷᠦᠯ ᠵᠦᠢᠯ ᠤᠨ ᠡᠬᠢᠯᠡᠯᠲᠡ ᠶᠢᠨ ᠶᠣᠰᠣᠯᠠᠯ ᠠᠮᠵᠢᠯᠲᠠ ᠲᠠᠢ ᠶᠠᠪᠤᠭᠳᠠᠪᠠ᠃ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠰᠣᠯᠠᠯ ᠳᠤ ᠣᠷᠣᠯᠴᠠᠪᠠ᠃ ᠶᠣᠰᠣᠯᠠᠯ ᠳᠤ ᠣᠷᠣᠯᠴᠠᠭᠰᠠᠳ ᠲᠤ ᠪᠠᠰᠠ ᠡᠯ᠎ᠡ ᠵᠡᠭᠡᠯᠢ ᠪᠠᠯᠭᠠᠰᠤ᠂ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ᠂ ᠲᠦᠷᠦᠯ ᠵᠦᠢᠯ ᠢ ᠭᠥᠯᠢᠶᠡᠨ ᠠᠪᠤᠭᠰᠠᠨ ᠲᠠᠯ᠎ᠠ ᠵᠢᠴᠢ ᠵᠡᠭᠡᠯᠢ ᠪᠠᠯᠭᠠᠰᠤ ᠶᠢᠨ ᠠᠬᠠᠮᠠᠳ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠤᠨ ᠡᠵᠡᠩᠨᠡᠯᠲᠡ ᠶᠢᠨ ᠲᠠᠯ᠎ᠠ ᠶᠢᠨ ᠲᠥᠯᠥᠭᠡᠯᠡᠭᠴᠢ ᠪᠤᠢ᠃     ᠭᠡᠷ ᠵᠠᠭᠤᠷ᠎ᠠ ᠶᠢᠨ ᠨᠠᠰᠤᠵᠢᠯ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠵᠠᠮ ᠢ ᠰᠦᠪᠡᠭᠴᠢᠯᠡᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ 100 ᠲᠦᠮᠡᠨ ᠲᠥᠭᠦᠷᠢᠭ ᠵᠠᠷᠤᠴᠠᠭᠤᠯᠵᠦ᠂ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ︽ᠰᠡᠳᠬᠢᠯ ᠤᠨ ᠲᠥᠯᠥᠪᠯᠡᠭᠡ︾ ᠶᠢᠨ ᠲᠥᠷᠥᠯ ᠵᠦᠢᠯ ᠳᠤ ᠬᠡᠷᠡᠭᠯᠡᠵᠦ᠂ ᠲᠣᠰ ᠲᠥᠷᠥᠯ ᠵᠦᠢᠯ ᠨᠢ 2023 ᠣᠨ ᠤ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ︽ᠰᠡᠳᠬᠢᠯ ᠤᠨ ᠲᠥᠯᠥᠪᠯᠡᠭᠡ︾ ᠨᠢ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ 4 ᠦᠢᠯᠡᠴᠢᠯᠡᠭᠡᠨ ᠤ ᠲᠥᠷᠥᠯ ᠵᠦᠢᠯ ᠢᠶᠠᠷ ᠪᠦᠷᠢᠯᠳᠦᠵᠦ᠂ ᠲᠣᠰ ᠪᠦᠷᠢ ︽ᠰᠠᠨᠠᠭ᠎ᠠ ᠠᠮᠤᠷ ᠳᠠᠭᠠᠳᠬᠠᠯ︾ ︽ᠰᠡᠳᠬᠢᠯ ᠢ ᠳᠤᠯᠠᠭᠠᠴᠠᠭᠤᠯᠵᠤ ᠠᠶᠠᠯᠠᠯ ᠢ ᠲᠤᠰᠠᠯᠠᠬᠤ︾ ︽ᠬᠠᠶᠢᠷ᠎ᠠ ᠬᠠᠯᠠᠮᠵᠢᠲᠦ ᠢᠳᠡᠭᠡᠨ︾ ᠪᠠ ︽ᠲᠤᠲᠤᠨᠤᠰᠤᠭ ᠬᠢᠴᠢᠶᠡᠯ ᠤᠨ ᠲᠢᠩᠭᠢᠮ︾ ᠤᠨ ᠲᠥᠷᠥᠯ ᠵᠦᠢᠯ ᠪᠠᠶᠢᠵᠤ᠂ ᠲᠣᠰ ᠲᠣᠰ ᠠᠮᠤᠷ ᠲᠦᠪᠰᠢᠨ᠂ ᠠᠶᠠᠯᠠᠯ ᠢ ᠲᠤᠰᠠᠯᠠᠬᠤ᠂ ᠬᠤᠭᠤᠯᠠ ᠤᠮᠳᠠ ᠶᠢ ᠲᠤᠰᠠᠯᠠᠬᠤ᠂ ᠰᠡᠳᠬᠢᠯ ᠰᠠᠨᠠᠭ᠎ᠠ ᠶᠢ ᠲᠠᠶᠢᠳᠬᠤᠷᠠᠭᠤᠯᠬᠤ ᠵᠡᠷᠭᠡ ᠣᠯᠠᠨ ᠲᠠᠯ᠎ᠠ ᠪᠠᠷ ᠪᠥᠬᠦ ᠲᠤᠭᠤᠷᠢᠭ ᠤᠨ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠲᠤ ᠭᠡᠷ ᠵᠠᠭᠤᠷ᠎ᠠ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠨᠠᠷᠢᠯᠢᠭ ᠦᠢᠯᠡᠴᠢᠯᠡᠭᠡ ᠬᠠᠩᠭᠠᠨ᠎ᠠ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ︽ᠰᠡᠳᠬᠢᠯ ᠤᠨ ᠲᠥᠯᠥᠪᠯᠡᠭᠡ︾ ᠶᠢᠨ ᠲᠦᠷᠦᠯ ᠵᠦᠢᠯ ᠳᠤ ᠨᠠᠷᠢᠨ ᠲᠠᠶᠢᠯᠤᠮᠵᠢ ᠬᠢᠭᠰᠡᠨ ᠪᠦᠭᠡᠳ ᠨᠡᠶᠢᠲᠡᠯᠡᠵᠦ᠂ ᠡᠯ᠎ᠡ ᠲᠦᠷᠦᠯ ᠵᠦᠢᠯ ᠢ ᠭᠥᠯᠢᠶᠡᠨ ᠠᠪᠤᠭᠰᠠᠨ ᠲᠠᠯ᠎ᠠ ᠶᠢᠨ ᠬᠢᠨ ᠲᠥᠪ ᠴᠢᠩᠭ᠎ᠠ ᠪᠠᠷ ᠣᠪᠣᠷ ᠢᠶᠠᠨ ᠢᠯᠡᠳᠬᠡᠵᠦ᠂ ᠳᠠᠷᠠᠭ᠎ᠠ ᠨᠢ ᠲᠤᠬᠠᠢ ᠶᠢᠨ ᠲᠠᠯᠠᠪᠠᠢ ᠶᠢᠨ ᠪᠦᠬᠦ ᠵᠣᠴᠢᠳ ᠤᠨ ᠭᠡᠷᠡᠴᠢᠯᠡᠭᠡ ᠪᠠᠷ᠂ ᠶᠣᠰᠣᠯᠠᠯ ᠳᠤ ᠣᠷᠣᠯᠴᠠᠭᠰᠠᠨ ᠲᠣᠭᠤᠷᠢᠭ ᠤᠨ ᠤᠳᠤᠷᠢᠳᠤᠯᠭ᠎ᠠ ᠬᠠᠮᠲᠤᠪᠠᠷ ᠲᠠᠶᠢᠰᠠᠨ ᠳᠤ ᠭᠠᠷᠴᠤ ᠡᠬᠢᠯᠡᠯᠲᠡ ᠶᠢᠨ ᠲᠤᠯᠭᠠᠭᠤᠷᠢ ᠶᠢ ᠳᠠᠷᠤᠵᠤ᠂ ︽ᠰᠡᠳᠬᠢᠯ ᠤᠨ ᠲᠥᠯᠥᠪᠯᠡᠭᠡ︾ ᠶᠢᠨ ᠲᠦᠷᠦᠯ ᠵᠦᠢᠯ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠦᠭᠰᠡᠨ ᠢ ᠲᠤᠩᠬᠠᠭᠯᠠᠪᠠ᠃     ︽ᠰᠡᠳᠬᠢᠯ ᠤᠨ ᠲᠥᠯᠥᠪᠯᠡᠭᠡ︾ ᠶᠢᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠦᠭᠰᠡᠨ ᠨᠢ ᠴᠢᠩᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠦᠭᠰᠡᠨ ᠢ ᠬᠠᠷᠠᠭᠤᠯᠵᠤ ᠪᠠᠶᠢᠬᠤ ᠪᠥᠭᠡᠳ ᠴᠢᠩᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢᠨ ᠬᠠᠶᠢᠨ ᠰᠦᠪᠡᠭᠴᠢᠯᠡᠯᠲᠡ ᠴᠣ᠋ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠵᠠᠬ᠎ᠠ ᠳᠡᠯᠭᠡᠭᠦᠷ ᠢᠶᠠᠷ ᠠᠬᠢᠭᠤᠯᠬᠤ᠂ ᠨᠡᠶᠢᠭᠡᠮ ᠨᠡᠶᠢᠲᠡ ᠪᠠᠷ ᠢᠶᠠᠨ ᠣᠷᠤᠯᠴᠠᠬᠤ᠂ ᠪᠦᠬᠦ ᠠᠷᠠᠳ ᠢᠶᠠᠷ ᠢᠶᠠᠨ ᠬᠠᠯᠠᠮᠵᠢᠯᠠᠬᠤ︾ ᠶᠡᠷᠦᠩᠬᠡᠢ ᠰᠡᠳᠬᠢᠮᠵᠢ ᠶᠢ ᠪᠠᠷᠢᠮᠲᠠᠯᠠᠵᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠲᠣᠪᠤᠶᠢᠯᠭᠠᠨ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠨᠡᠶᠢᠭᠡᠮ ᠤᠨ ᠦᠷ᠎ᠡ ᠠᠰᠢᠭ ᠢ ᠴᠢᠬᠤᠯᠠᠴᠢᠯᠠᠨ᠂ ᠨᠠᠰᠤᠵᠢᠯ ᠤᠨ ᠦᠢᠯᠡᠴᠢᠯᠡᠭᠡᠨ ᠤ《ᠠᠷᠪᠠᠨ ᠳᠥᠷᠪᠡᠳᠦᠭᠡᠷ ᠲᠠᠪᠤᠨ ᠵᠢᠯ︾ ᠤᠨ ᠲᠤᠰᠬᠠᠢ ᠲᠥᠯᠦᠪᠵᠢᠭᠦᠯᠭᠡ ᠪᠠᠷ ᠠᠷᠭ᠎ᠠ ᠵᠠᠮ ᠪᠣᠯᠭᠠᠵᠤ᠂ ᠨᠡᠶᠢᠭᠡᠮ ᠲᠣᠭᠤᠷᠢᠭ᠂ ᠭᠡᠷ ᠪᠦᠯᠢ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠬᠠᠮᠵᠢᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠣᠯᠠᠨ ᠡᠰᠢᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠴᠢᠩᠱᠠᠨ ᠲᠣᠭᠤᠷᠢᠭ ᠤᠨ ᠨᠠᠰᠤᠲᠠᠶᠢᠴᠤᠳ ᠤᠨ ᠬᠠᠮᠲᠤᠯᠢᠭ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号