ᠴᠢᠩᠱᠠᠨ ᠲᠣᠭᠤᠷᠢᠭ᠄ ᠲᠤᠰᠬᠠᠢ ᠠᠵᠢᠯᠲᠠᠨ ᠡᠯᠰᠡᠬᠦ ᠴᠤᠭᠯᠠᠭᠠᠨ ᠨᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠣᠯᠠᠨ ᠲᠦᠮᠡᠨ ᠤ ᠠᠵᠢᠯ ᠣᠯᠭᠤᠯᠲᠠ ᠳᠤ ︽ᠤᠷᠢᠬᠠᠨ ᠰᠠᠯᠬᠢ︾ ᠬᠦᠷᠭᠡᠵᠡᠢ
ᠨᠡᠶᠢᠲᠡᠯᠡᠭᠰᠡᠨ ᠴᠠᠭ᠄
2023/3/13
      ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠣᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠴᠢᠮ ᠪᠠᠶᠢᠳᠠᠯ ᠢ ᠨᠠᠮᠳᠠᠭᠤᠯᠬᠤ ᠶᠢᠨ ᠲᠦᠯᠦᠭᠡ᠂ 3 ᠰᠠᠷ᠎ᠠ ᠶᠢᠨ 11 ᠤ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠪᠤᠭᠤᠲᠤ ᠬᠤᠲᠠ ᠶᠢᠨ ᠠᠵᠢᠯ ᠲᠠᠨᠢᠯᠴᠠᠭᠤᠯᠬᠤ ᠦᠢᠯᠡᠴᠢᠯᠡᠭᠡᠨ ᠤ ᠲᠥᠪ᠂ ᠴᠢᠩᠱᠠᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠳᠠᠭᠠᠭᠠᠴᠢᠯᠠᠨ ᠡᠷᠭᠢᠯᠡᠵᠦ᠂ ᠪᠤᠭᠤᠲᠤ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠵᠥᠪᠯᠡᠯ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠴᠢᠩᠱᠠᠨ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠤᠨ ᠬᠠᠮᠵᠢᠯᠴᠠᠨ ᠡᠷᠬᠢᠯᠡᠭᠰᠡᠨ ︽ᠬᠠᠪᠤᠷ ᠤᠨ ᠰᠠᠯᠬᠢ ᠳᠤᠯᠠᠭᠠᠯᠠᠵᠤ ᠠᠵᠢᠯ ᠣᠯᠭᠤᠯᠲᠠ ᠶᠢ ᠲᠤᠰᠠᠯᠠᠬᠤ ᠰᠠᠷ᠎ᠠ ᠬᠠᠪᠤᠷ ᠤᠨ ᠤᠯᠠᠷᠢᠯ ᠤᠨ ᠲᠤᠰᠬᠠᠢ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ︾ ᠬᠤᠸᠠ ᠯᠢᠶᠠᠨ  ᠤ ᠪᠤᠭᠤᠲᠤ ᠶᠢᠨ ᠬᠤᠳᠠᠯᠳᠤᠭᠠᠨ ᠤ ᠲᠥᠪ ︵ᠵᠧᠩ ᠰᠢᠶᠠᠩ ᠤᠯᠠᠨ ᠤᠯᠤᠰ︶ ᠤᠨ ᠨᠢᠭᠡᠳᠦᠭᠡᠷ ᠳᠠᠪᠬᠤᠷᠯᠢᠭ ᠤᠨ ᠳᠤᠮᠳᠠ ᠲᠢᠩᠬᠢᠮ ᠳᠤ ᠶᠠᠪᠤᠭᠳᠠᠪᠠ᠃     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠦᠶᠯᠡᠳᠬᠦ ᠦᠢᠯᠡᠰ ᠵᠡᠷᠭᠡ ᠬᠦᠷᠢᠶᠡᠨ ᠳᠠᠬᠢ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ ᠰᠤᠷᠭᠠᠭᠤᠯᠢ  ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ᠂ ᠵᠡᠮᠳᠡᠭ ᠬᠥᠮᠥᠰ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠪᠠᠶᠢᠷᠢ ᠰᠢᠯᠵᠢᠵᠦ ᠠᠵᠢᠯ ᠬᠦᠯᠢᠶᠡᠵᠦ ᠪᠠᠶᠢᠭ᠎ᠠ ᠠᠵᠢᠯᠲᠠᠨ ᠠᠵᠢᠯᠴᠢᠨ᠂ ᠠᠮᠢᠳᠤᠯᠢᠭ ᠢᠶᠠᠷ ᠠᠵᠢᠯ ᠣᠯᠣᠭᠰᠠᠳ ᠵᠢᠴᠢ ᠪᠤᠰᠤᠳ ᠠᠵᠢᠯ ᠣᠯᠬᠤ ᠬᠦᠰᠡᠯ ᠲᠠᠢ ᠬᠥᠳᠡᠯᠮᠦᠷᠢᠴᠢᠳ ᠲᠤ ᠬᠠᠨᠳᠤᠭᠤᠯᠤᠭᠰᠠᠨ ᠪᠠᠶᠢᠨ᠎ᠠ᠃     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠭᠰᠠᠨ ᠠᠵᠤ ᠠᠬᠤᠶᠢᠯᠠᠯ 50 ᠭᠠᠷᠤᠢ ᠪᠠᠶᠢᠵᠤ᠂ 2500 ᠰᠢᠬᠠᠮ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠭᠦᠨ ᠳᠤ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠠᠲ᠋ᠤᠰ ᠤᠨ ᠨᠡᠷᠡᠨ ᠬᠡᠷᠡᠯᠳᠦ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠩ ᠶᠤᠸᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠪᠤᠭᠤᠲᠤ︶ ᠤᠨ ᠬᠢᠵᠠᠭᠠᠷᠲᠤ ᠺᠣᠮᠫᠠᠨᠢ ᠵᠡᠷᠭᠡ ᠲᠣᠨᠤᠭ ᠲᠥᠬᠦᠭᠡᠷᠦᠮᠵᠢ ᠦᠶᠯᠡᠳᠬᠦ ᠠᠵᠤ ᠠᠬᠤᠶᠢᠯᠠᠯ ᠪᠠᠶᠢᠬᠤ ᠪᠠᠷ ᠪᠠᠷᠠᠬᠤ ᠦᠭᠡᠢ ᠪᠠᠰᠠ ᠪᠤᠭᠤᠲᠤ ᠶᠢᠨ ᠸᠠᠩ ᠹᠦ᠋ ᠵᠢᠩ ᠪᠦᠷᠢᠨ ᠪᠠᠷᠠᠭ᠎ᠠ᠂ ᠪᠡᠭᠡᠵᠢᠩ  ᠬᠤᠸᠠ ᠯᠢᠶᠠᠨ ᠪᠦᠯᠦᠭᠯᠡᠯ ᠵᠡᠷᠭᠡ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠣᠷᠣᠯᠴᠠᠭᠰᠠᠨ ᠪᠠᠶᠢᠨ᠎ᠠ᠃     ᠠᠵᠢᠯᠲᠠᠨ ᠡᠯᠰᠡᠬᠦ ᠴᠤᠭᠯᠠᠭᠠᠨ ᠤ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠣᠷᠣᠨ ᠪᠦᠰᠡ ᠳᠤ᠂ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠰᠢᠭᠤᠳ ᠨᠡᠪᠲᠡᠷᠡᠭᠦᠯᠬᠦ ᠲᠠᠰᠤᠭ ᠲᠤ ᠬᠦᠷᠴᠦ ᠠᠵᠢᠯ ᠣᠯᠭᠤᠬᠤ᠂ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢᠨ ᠬᠠᠮᠲᠤ ᠭᠤᠣᠯ ᠨᠡᠪᠲᠡᠷᠡᠭᠦᠯᠦᠭᠴᠢ ᠪᠣᠯᠣᠨ ᠠᠵᠢᠯ ᠡᠷᠢᠭᠰᠡᠳ ᠤᠨ ᠬᠤᠭᠤᠷᠣᠨᠳᠤ ᠴᠠᠭ ᠲᠤᠬᠠᠢ ᠳᠤᠨᠢ ᠬᠠᠷᠢᠯᠴᠠᠨ ᠬᠥᠳᠡᠯᠦᠯᠴᠡᠵᠦ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠦᠨᠡᠨᠬᠦ ᠬᠤᠯᠪᠤᠭᠠᠯᠠᠨ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢᠨ ᠣᠨᠣᠪᠴᠢ ᠶᠢᠨ ᠬᠡᠮᠵᠢᠶ᠎ᠡ ᠪᠠ ᠵᠣᠬᠢᠴᠠᠯᠳᠤᠯ ᠤᠨ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃     ᠪᠦᠷᠢᠳᠬᠡᠯ ᠢ ᠦᠨᠳᠦᠰᠦᠯᠡᠪᠡᠯ᠂ ᠲᠤᠬᠠᠢ ᠶᠢᠨ ᠡᠳᠦᠷ ᠤᠨ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠨᠡᠶᠢᠲᠡ 6000 ᠭᠠᠷᠤᠢ ᠬᠥᠮᠥᠨ ᠲᠠᠯᠠᠪᠠᠶ ᠳᠤ ᠣᠷᠣᠵᠤ ᠠᠵᠢᠯ ᠰᠣᠩᠭᠤᠵᠤ᠂ ᠠᠵᠤ ᠠᠬᠤᠶᠢᠯᠠᠯ ᠤᠨ ᠪᠦᠷᠢᠳᠬᠡᠭᠦᠯᠬᠦ ᠰᠠᠨᠠᠮᠵᠢ ᠶᠢᠨ ᠠᠵᠢᠯ ᠡᠷᠢᠭᠰᠡᠳ 900 ᠰᠢᠬᠠᠮ ᠪᠠᠶᠢᠵᠤ᠂ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠶᠢᠨ ᠰᠦᠯᠵᠢᠶᠡᠨ ᠳᠡᠭᠡᠷᠡᠬᠢ ᠦᠵᠡᠭᠴᠢᠳ ᠤᠨ ᠲᠤᠭ᠎ᠠ 3.6 ᠲᠦᠮᠡᠨ ᠬᠥᠮᠥᠨ ᠤᠳᠠᠭ᠎ᠠ ᠳᠤ ᠬᠦᠷᠴᠡᠢ᠃      ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠠᠵᠢᠯ ᠣᠯᠭᠤᠯᠲᠠ ᠶᠢᠨ ᠦᠢᠯᠡᠴᠢᠯᠡᠭᠡᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠵᠢᠯᠲᠠᠨ ᠡᠯᠰᠡᠬᠦ ᠶᠢ ᠤᠶᠠᠯᠳᠤᠭᠤᠯᠬᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠭᠠᠵᠠᠷ ᠤᠨ ᠠᠵᠢᠯᠲᠠᠨ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠥᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠲᠤ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ 2022 ᠣᠨ ᠳᠤ᠂ 1784 ᠡᠷᠦᠬᠡ ᠶᠢᠨ 21172 ᠬᠥᠮᠥᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ 2131 ᠡᠷᠦᠬᠡ ᠶᠢᠨ 27174 ᠬᠥᠮᠥᠨ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠦᠯᠡᠳᠡᠭᠡᠬᠦ ᠨᠥᠬᠦᠪᠦᠷᠢ ᠥᠭᠴᠦ᠂ 143 ᠡᠷᠦᠬᠡ ᠶᠢᠨ 569 ᠬᠥᠮᠥᠨ ᠳᠤ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠥᠭᠪᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠲᠠᠷᠬᠠᠭᠠᠭᠰᠠᠨ ᠶᠡᠷᠦᠩᠬᠡᠢ ᠵᠣᠭᠤᠰᠤᠨ ᠲᠤᠭ᠎ᠠ 1101.46 ᠲᠦᠮᠡᠨ ᠲᠥᠭᠦᠷᠢᠭ ᠲᠤ ᠬᠦᠷᠴᠦ᠂ ᠠᠵᠢᠯ ᠳᠤ ᠦᠯᠡᠳᠡᠭᠡᠵᠦ ᠲᠠᠷᠬᠠᠭᠠᠭᠰᠠᠨ ᠶᠡᠷᠦᠩᠬᠡᠢ ᠵᠣᠭᠤᠰᠤᠨ ᠲᠤᠭ᠎ᠠ 1358.7 ᠲᠦᠮᠡᠨ ᠲᠥᠭᠦᠷᠢᠭ ᠲᠤ ᠬᠦᠷᠴᠦ᠂ ᠠᠵᠢᠯ ᠤᠨ ᠪᠠᠶᠢᠷᠢ ᠶᠢ ᠨᠢᠭᠡ ᠯᠡ ᠤᠳᠠᠭ᠎ᠠ ᠳᠤ ᠥᠷᠭᠡᠳᠬᠡᠨ ᠲᠠᠷᠬᠠᠭᠠᠭᠰᠠᠨ ᠶᠡᠷᠦᠩᠬᠡᠢ ᠵᠣᠭᠤᠰᠤᠨ ᠲᠤᠭ᠎ᠠ 85.35 ᠲᠦᠮᠡᠨ ᠲᠥᠭᠦᠷᠢᠭ ᠲᠤ ᠬᠦᠷᠴᠡᠢ᠃      2023 ᠣᠨ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠭ᠎ᠠ ᠶᠢᠨ ᠲᠣᠪᠴᠢᠶ᠎ᠠ ᠦᠷᠭᠦᠯᠵᠢᠯᠡᠨ ᠬᠦᠴᠦᠯᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠠᠵᠤ ᠠᠬᠤᠶᠢᠯᠠᠯ ᠤᠨ ᠡᠷᠡᠭᠦᠯ ᠢᠶᠠᠷ ᠠᠵᠢᠯᠯᠠᠬᠤ ᠶᠢ ᠲᠦᠯᠬᠢᠨ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号