ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰᠣ ᠨᠡᠮᠡᠬᠦ ᠥᠷᠲᠡᠭᠡ ᠶᠢᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠳᠤ ᠬᠢᠨᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/14
      ᠲᠣᠰᠣ ᠨᠡᠮᠡᠬᠦ ᠥᠷᠲᠡᠭᠡᠨ ᠤ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠬᠡᠮᠵᠢᠯᠲᠡ ᠶᠢᠨ ᠠᠵᠢᠯᠯᠠᠭ᠎ᠠ ᠶᠢ ᠳᠦᠷᠢᠮᠵᠢᠭᠦᠯᠵᠦ᠂ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠦᠨᠡᠨᠴᠢ ᠢᠲᠡᠭᠡᠮᠵᠢᠲᠡᠢ ᠪᠠᠷ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠵᠡᠩᠨᠡᠬᠦ ᠶᠢ ᠪᠣᠶ ᠪᠣᠯᠭᠠᠵᠤ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶᠠᠲᠤ ᠬᠡᠮᠵᠢᠯᠲᠡ ᠶᠢᠨ ᠰᠲ᠋ᠣᠺ ᠭᠠᠷᠠᠭ ᠤᠨ ᠲᠠᠪᠤᠨ ᠤ ︽ᠬᠡᠮᠵᠢᠯᠲᠡ ᠶᠢᠨ ᠲᠤᠰᠬᠠᠢ ᠴᠡᠭᠴᠡᠯᠡᠨ ᠵᠠᠰᠠᠬᠤ ᠡᠳᠦᠷ︾ ᠤᠨ ᠠᠵᠢᠯ ᠲᠠᠢ ᠤᠶᠠᠯᠳᠤᠭᠤᠯᠤᠨ᠂ ᠮᠦᠩᠬᠡᠵᠢᠯ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠣᠶᠢᠷ᠎ᠠ ᠶᠢᠨ ᠬᠤᠭᠤᠴᠠᠭᠠᠨ ᠳᠤ ᠬᠠᠷᠢᠶ᠎ᠠ ᠣᠷᠣᠨ ᠤ ᠲᠣᠰᠣ ᠨᠡᠮᠡᠬᠦ ᠥᠷᠲᠡᠭᠡ ᠳᠤ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃      ᠬᠠᠤᠯᠢ ᠬᠡᠷᠡᠭᠵᠢᠭᠦᠯᠬᠦ ᠠᠵᠢᠯᠲᠠᠨ ᠠᠴᠠ ᠰᠢᠯᠭᠠᠨ ᠲᠣᠭᠲᠠᠭᠠᠭᠰᠠᠨ ᠦᠨᠡᠮᠯᠡᠯ ᠨᠢ ᠬᠦᠴᠦᠨ ᠲᠠᠢ ᠰᠢᠯᠭᠠᠨ ᠲᠣᠭᠲᠠᠭᠠᠭᠰᠠᠨ ᠦᠶᠡᠯᠡᠯ ᠤᠨ ᠬᠤᠭᠤᠴᠠᠭᠠᠨ ᠳᠤ ᠪᠠᠶᠢᠬᠤ ᠡᠰᠡᠬᠦ᠂ ᠰᠢᠯᠭᠠᠨ ᠲᠣᠭᠲᠠᠭᠠᠭᠰᠠᠨ ᠲᠡᠮᠳᠡᠭ ᠨᠠᠭᠠᠭᠰᠠᠨ ᠡᠰᠡᠬᠦ᠂ ᠲᠣᠰᠣ ᠨᠡᠮᠡᠬᠦ ᠮᠠᠰᠢᠨ ᠤ ᠡᠯ᠎ᠡ ᠬᠡᠰᠡᠭ ᠤᠨ ᠬᠤᠷᠭᠤᠯᠵᠢᠨ ᠪᠢᠲᠡᠭᠦᠮᠵᠢ ᠨᠢ ᠪᠦᠷᠢᠨ ᠪᠦᠲᠦᠨ ᠪᠠᠶᠢᠬᠤ ᠡᠰᠡᠬᠦ ᠵᠡᠷᠭᠡ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠪᠡ᠃ ᠪᠠᠶᠢᠴᠠᠭᠠᠯᠲᠠ ᠪᠠᠷ ᠳᠠᠮᠵᠢᠭᠠᠳ᠂ ᠮᠦᠩᠬᠡᠵᠢᠯ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠶ᠎ᠠ ᠣᠷᠣᠨ ᠤ 5 ᠲᠣᠰᠣ ᠨᠡᠮᠡᠬᠦ ᠥᠷᠲᠡᠭᠡᠨ ᠤ 22 ᠲᠣᠰᠣ ᠨᠡᠮᠡᠬᠦ ᠮᠠᠰᠢᠨ ᠨᠢ ᠴᠥᠮ ᠠᠯᠪᠠᠲᠠᠨ ᠪᠠᠶᠢᠴᠠᠭᠠᠬᠤ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠬᠤ ᠬᠦᠴᠦᠨ ᠲᠠᠢ ᠬᠤᠭᠤᠴᠠᠭᠠᠨ ᠳᠤ ᠪᠠᠶᠢᠵᠤ᠂ ᠶᠡᠷᠦᠩᠬᠡᠢ ᠬᠡᠮᠵᠢᠯᠲᠡ ᠶᠢᠨ ᠪᠠᠶᠢᠳᠠᠯ ᠨᠢ ᠨᠡᠯᠢᠶᠡᠳ ᠰᠠᠶᠢᠨ᠂ ᠬᠡᠮ ᠬᠢᠭᠰᠡᠨ ᠪᠠ ᠪᠤᠰᠤᠳ ᠬᠠᠤᠯᠢ ᠶᠢ ᠵᠥᠷᠢᠴᠡᠨ ᠡᠵᠡᠩᠨᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠭᠰᠡᠨ ᠦᠭᠡᠢ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠲᠣᠰᠣ ᠨᠡᠮᠡᠬᠦ ︵ᠬᠡᠢ︶ ᠥᠷᠲᠡᠭᠡ ᠶᠢᠨ ᠪᠠᠶᠢᠩᠭᠤ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠲᠣᠰᠣ ᠨᠡᠮᠡᠬᠦ ︵ᠬᠡᠢ︶ ᠥᠷᠲᠡᠭᠡ ᠶᠢᠨ ᠡᠵᠡᠩᠨᠡᠭᠴᠢᠳ ᠤᠨ ᠦᠨᠡᠨᠴᠢ ᠢᠲᠡᠭᠡᠮᠵᠢᠲᠡᠢ ᠬᠡᠮᠵᠢᠯᠲᠡ ᠶᠢᠨ ᠥᠪᠡᠷ ᠤᠨ ᠠᠮᠠᠯᠠᠯᠲᠠ ᠶᠢᠨ ᠠᠵᠢᠯ ᠢ ᠲᠦᠯᠬᠢᠨ ᠠᠬᠢᠭᠤᠯᠵᠤ᠂ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠬᠡᠮᠵᠢᠯᠲᠡ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃     ᠡᠭᠦᠨ ᠤ ᠬᠠᠮᠲᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠴᠢᠳ ᠲᠤ ᠰᠠᠨᠠᠭᠤᠯᠬᠤ ᠨᠢ᠄ ᠲᠣᠰᠣ ᠨᠡᠮᠡᠬᠦ ᠠᠴᠠ ᠡᠮᠦᠨ᠎ᠡ ᠲᠣᠰᠣ ᠨᠡᠮᠡᠬᠦ ᠮᠠᠰᠢᠨ ᠤ ᠲᠣᠰᠣᠨ ᠤ ᠬᠡᠮᠵᠢᠶ᠎ᠡ᠂ ᠵᠣᠭᠤᠰ ᠤᠨ ᠲᠤᠭ᠎ᠠ ᠶᠢᠨ ᠳᠡᠯᠭᠡᠴᠡ ᠨᠢᠭᠡᠨᠲᠡ ᠲᠡᠭ ᠪᠣᠯᠤᠭᠰᠠᠨ ᠡᠰᠡᠬᠦ ᠶᠢ ᠨᠤᠲᠠᠯᠠᠬᠤ ᠬᠡᠷᠡᠭᠲᠡᠢ︔ ᠲᠣᠰᠣ ᠨᠡᠮᠡᠬᠦ ᠳᠡᠭᠡᠨ ᠲᠣᠰᠣ ᠨᠡᠮᠡᠬᠦ ᠮᠠᠰᠢᠨ ᠳᠤ ᠰᠢᠯᠭᠠᠨ ᠲᠣᠭᠲᠠᠭᠠᠯᠲᠠ ᠳᠤ ᠬᠢᠷᠢ ᠲᠡᠩᠴᠡᠭᠰᠡᠨ ᠲᠡᠮᠳᠡᠭ ᠪᠠᠶᠢᠬᠤ ᠡᠰᠡᠬᠦ ᠶᠢ ᠠᠩᠬᠠᠷᠤᠨ ᠠᠵᠢᠭᠯᠠᠬᠤ ᠬᠡᠷᠡᠭᠲᠡᠢ︔ ᠲᠣᠰᠣ ᠨᠡᠮᠡᠭᠰᠡᠨ ᠤ ᠳᠠᠷᠠᠭ᠎ᠠ ᠲᠤᠭ᠎ᠠ ᠬᠡᠮᠵᠢᠶ᠎ᠡ ᠪᠠ ᠵᠣᠭᠤᠰ ᠤᠨ ᠲᠤᠭ᠎ᠠ ᠪᠠᠨ ᠴᠠᠭ ᠲᠤᠬᠠᠢ ᠳᠤᠨᠢ ᠬᠠᠷᠭᠤᠭᠤᠯᠵᠤ᠂ ᠪᠠᠷᠢᠮᠲᠠ ᠪᠠᠨ ᠠᠪᠬᠤ ᠬᠡᠷᠡᠭᠲᠡᠢ᠃ ᠬᠡᠷᠡᠭᠯᠡᠭᠡᠨ ᠤ ᠵᠢᠭᠤᠷᠠᠯᠳᠤᠭᠠᠨ ᠡᠭᠦᠰᠪᠡᠯ᠂ ᠴᠠᠭ ᠲᠤᠬᠠᠢ ᠳᠤᠨᠢ 12315 ᠵᠠᠭᠠᠯᠳᠤᠬᠤ ᠪᠠ ᠢᠯᠡᠴᠢᠯᠡᠨ ᠮᠡᠳᠡᠭᠦᠯᠬᠦ ᠤᠲᠠᠰᠤ ᠶᠢ ᠤᠲᠠᠰᠤᠳᠠᠵᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号