ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/3/15
      ᠨᠠᠮ ᠤᠨ ᠬᠤᠷᠢᠳᠤᠭᠠᠷ ᠶᠡᠭᠡ ᠬᠤᠷᠠᠯ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠤᠱᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠶᠢᠨ ︽ᠨᠢᠭᠡ ᠰᠢᠨ᠎ᠡ  ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠳᠣᠪᠤᠶᠢᠯᠭᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ︽ᠲᠠᠶᠢᠯᠪᠤᠷᠢ ᠲᠠᠢ ᠰᠡᠳᠬᠢᠬᠦᠢ︾ ᠪᠠᠨ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ︽ᠬᠠᠶᠢᠭᠤᠷ︾ ᠤᠨ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠦᠯᠦᠭᠡ᠂ 3 ᠰᠠᠷ᠎ᠠ ᠶᠢᠨ 13 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠨᠤᠭ ᠲᠥᠬᠦᠭᠡᠷᠦᠮᠵᠢ ᠦᠢᠯᠡᠳᠬᠦ ᠠᠵᠦ ᠦᠢᠯᠡᠰ  ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠬᠤᠷᠠᠯ ᠢ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠵᠡᠭᠡᠯᠢ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠲᠤᠭ᠎ᠠ ᠪᠦᠷᠢᠳᠬᠡᠯ ᠤᠨ ᠠᠵᠢᠯᠲᠠᠳ ᠬᠤᠷᠠᠯ ᠳᠤ ᠣᠷᠣᠯᠴᠠᠪᠠ᠃     ᠬᠤᠷᠠᠯ ᠠᠴᠠ ᠪᠤᠭᠤᠲᠤ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢ ᠤᠷᠢᠵᠤ ︽︿ᠨᠢᠭᠡ ᠴᠣᠭᠴᠠᠵᠢᠭᠤᠯᠤᠭᠰᠠᠨ ᠬᠤᠶᠠᠷ ᠵᠢᠭᠦᠷ﹀ ᠤᠨ ᠪᠡᠶᠡᠲᠦ ᠰᠡᠳᠬᠢᠬᠦᠢ ᠪᠠᠷ ᠲᠤᠭ᠎ᠠ ᠪᠦᠷᠢᠳᠬᠡᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠣᠳᠣᠬᠢᠴᠢᠯᠠᠯᠲᠠ ᠶᠢ ᠠᠬᠢᠭᠤᠯᠤᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠣᠳᠣᠬᠠᠨ ᠤ ᠪᠦᠬᠦ ᠬᠤᠲᠠ ᠶᠢᠨ ᠭᠤᠣᠯᠳᠠᠯᠭ᠎ᠠ  ᠲᠠᠢ ᠠᠵᠢᠯ ᠳᠤ ᠰᠠᠭᠤᠷᠢᠯᠠᠵᠤ᠂ ᠰᠢᠨ᠎ᠡ ᠪᠠᠶᠢᠳᠠᠯ ᠰᠢᠨ᠎ᠡ ᠬᠥᠭᠵᠢᠯᠲᠡ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠵᠤ᠂ ᠣᠯᠠᠨ ᠵᠢᠯ ᠤᠨ ᠲᠤᠭ᠎ᠠ ᠪᠦᠷᠢᠳᠬᠡᠯ ᠤᠨ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠪᠠᠷ ᠰᠠᠭᠤᠷᠢ ᠪᠣᠯᠭᠠᠵᠤ᠂ ︽ᠲᠤᠭ᠎ᠠ︾ ᠪᠠᠷ ᠴᠢᠳᠠᠪᠤᠷᠢ ᠣᠯᠭᠤᠵᠤ ᠴᠢᠨᠠᠷ ᠰᠠᠶᠢᠲᠠᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠲᠦᠷᠦ ᠶᠢᠨ ᠪᠣᠳᠣᠯᠭ᠎ᠠ ᠶᠢᠨ ᠬᠠᠷᠠᠭᠠᠰᠤ᠂ ᠪᠦᠷᠢᠳᠬᠡᠯ ᠤᠨ ᠬᠠᠷᠠᠭᠠᠰᠤ᠂ ᠠᠵᠤ ᠠᠬᠤᠢ ᠶᠢᠨ ᠬᠠᠷᠠᠭᠠᠰᠤ ᠠᠴᠠ ᠠᠵᠢᠯ ᠤᠨ ᠰᠡᠳᠬᠢᠴᠡ ᠪᠠᠨ ᠲᠠᠨᠢᠯᠴᠠᠭᠤᠯᠬᠤ ᠶᠢᠨ ᠬᠠᠮᠲᠤ ᠪᠣᠳᠠᠲᠠᠢ ᠵᠢᠱᠢᠶ᠎ᠡ ᠪᠠᠷ ᠳᠠᠮᠵᠢᠭᠤᠯᠤᠨ ᠭᠦᠢᠴᠡᠳᠬᠡᠬᠦ ᠲᠤᠭ᠎ᠠ ᠶᠢ ᠬᠢᠨᠠᠨ ᠬᠡᠮᠵᠢᠬᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠵᠢᠯᠣᠭᠤᠳᠤᠯᠭ᠎ᠠ ᠪᠠ ᠪᠣᠯᠪᠠᠰᠤᠷᠠᠯ ᠰᠣᠯᠢᠯᠴᠠᠭ᠎ᠠ ᠬᠢᠵᠦ᠂ ᠣᠨᠴᠠᠭᠠᠶᠢᠯᠠᠨ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠤᠪᠤᠶᠢᠯᠭᠠᠬᠤ᠂ ᠨᠡᠮᠡᠭᠳᠡᠯ ᠤᠨ ᠤᠬᠠᠮᠰᠠᠷ ᠢ ᠴᠢᠩᠭᠠᠳᠬᠠᠬᠤ ᠲᠠᠯ᠎ᠠ ᠪᠠᠷ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠴᠣᠭᠴᠠᠵᠢᠭᠤᠯᠤᠭᠰᠠᠨ ᠬᠤᠶᠠᠷ ᠵᠢᠭᠦᠷ︾ ᠤᠨ ᠪᠡᠶᠡᠲᠦ ᠰᠡᠳᠬᠢᠬᠦᠢ ᠪᠠᠷ ᠲᠤᠭ᠎ᠠ ᠪᠦᠷᠢᠳᠬᠡᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠨᠡᠮᠡᠭᠳᠡᠯ ᠤᠨ ᠬᠥᠳᠡᠯᠭᠡᠭᠦ ᠬᠦᠴᠦᠨ ᠢ ᠭᠦᠨᠵᠡᠭᠡᠢ  ᠢᠯᠡᠷᠡᠭᠦᠯᠬᠦ ᠬᠡᠷᠡᠭᠲᠡᠢ᠃ ︽ᠪᠦᠬᠦ ᠲᠤᠭᠤᠷᠢᠭ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠤᠶ ᠪᠣᠯᠭᠠᠵᠤ᠂ ︽ᠵᠠᠰᠠᠭ ᠤᠨ ᠣᠷᠳᠣᠨ ᠤᠳᠤᠷᠢᠳᠬᠤ᠂ ᠲᠤᠭ᠎ᠠ ᠪᠦᠷᠢᠳᠬᠡᠯ ᠢᠶᠠᠷ ᠵᠢᠯᠤᠭᠤᠳᠬᠤ᠂ ᠠᠵᠢᠯ ᠲᠥᠷᠥᠯ ᠤᠨ ᠰᠠᠯᠠᠭ᠎ᠠ ᠮᠥᠴᠢᠷ ᠨᠠᠶᠢᠳᠠᠪᠤᠷᠢᠵᠢᠭᠤᠯᠤᠯᠲᠠ ᠶᠢ ᠭᠤᠣᠯᠯᠠᠨ ᠠᠳᠬᠤᠬᠤ︾ ᠠᠵᠤ ᠠᠬᠤᠶᠢᠯᠠᠯ ᠤᠨ ᠴᠢᠨᠠᠷ ᠴᠢᠨᠰᠠᠭ᠎ᠠ ᠶᠢᠨ ᠳᠡᠭᠡᠳᠦ ᠬᠢᠵᠠᠭᠠᠷ ᠢ ᠲᠣᠭᠲᠠᠭᠠᠨ ᠨᠢᠭᠡᠳᠬᠡᠬᠦ ᠲᠣᠭᠲᠠᠴᠠ  ᠶᠢ ᠪᠠᠶᠢᠭᠤᠯᠵᠤ᠂ ᠤᠯᠠᠨ ᠰᠠᠯᠠᠭ᠎ᠠ ᠮᠥᠴᠢᠷ ᠬᠠᠮᠲᠤᠷᠠᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠶᠢ ᠥᠷᠨᠢᠭᠦᠯᠵᠦ᠂ ᠪᠦᠬᠦ ᠬᠤᠳᠠ ᠶᠢᠨ ᠬᠥᠭᠵᠢᠯᠲᠡ ᠶᠢᠨ ᠬᠠᠷᠠᠯᠲᠠ ᠲᠠᠢ ᠬᠠᠷᠢᠴᠠᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠥᠪᠯᠡᠷᠡᠯ ᠤᠨ ᠦᠢᠯᠡᠳᠦᠯ ᠠᠴᠠ ᠠᠵᠤ ᠠᠬᠤᠶᠢᠯᠠᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠢ ᠦᠵᠡᠵᠦ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢᠨ ᠬᠤᠣᠰ ᠬᠦᠴᠦᠨ ᠠᠴᠠ ᠬᠦᠴᠦᠯᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠡᠮᠡᠭᠳᠡᠭᠦᠯᠵᠦ᠂ ᠤᠯᠠᠨ ᠲᠠᠯ᠎ᠠ ᠠᠴᠠ ᠠᠵᠤ ᠠᠬᠤᠶᠢᠯᠠᠯ ᠢ ᠬᠠᠪᠰᠤᠷᠤᠨ ᠳᠠᠯᠳᠠ ᠬᠥᠳᠡᠯᠭᠡᠭᠦ ᠬᠦᠴᠦᠨ ᠪᠣᠯᠣᠨ ᠨᠡᠮᠡᠭᠳᠡᠯ ᠤᠨ ᠬᠡᠮᠵᠢᠶ᠎ᠡ ᠶᠢ ᠢᠯᠡᠷᠡᠭᠦᠯᠦᠨ ᠬᠡᠷᠡᠭᠯᠡᠵᠦ᠂ ᠠᠵᠤ ᠠᠬᠤᠶᠢᠯᠠᠯ ᠢ ᠬᠠᠪᠰᠤᠷᠤᠨ ᠳᠠᠪᠠᠭᠤᠯᠢᠭ ᠢ ᠨᠢ ᠬᠦᠴᠦᠷᠬᠡᠭᠵᠢᠭᠦᠯᠵᠦ᠂ ᠣᠨᠴᠠᠯᠢᠭ ᠢ ᠨᠢ ᠨᠠᠷᠢᠯᠢᠭᠵᠢᠭᠤᠯᠤᠨ᠎ᠠ ᠭᠡᠵᠦ ᠵᠢᠭᠠᠨ ᠭᠠᠷᠭᠠᠪᠠ᠃     ᠬᠤᠷᠠᠯ ᠠᠴᠠ᠂ ᠲᠤᠭ᠎ᠠ ᠪᠦᠷᠢᠳᠬᠡᠯ ᠤᠨ ᠰᠡᠳᠬᠢᠬᠦᠢ ᠶᠢ ᠰᠠᠶᠢᠲᠤᠷ ᠬᠡᠷᠡᠭᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠬᠦᠴᠦ ᠨᠡᠮᠡᠷᠢᠯᠡᠬᠦ ᠬᠡᠷᠡᠭᠲᠡᠢ᠃ ᠣᠳᠣᠬᠠᠨ ᠤ ︽ᠬᠤᠶᠠᠷ ᠰᠢᠨ᠎ᠡ︾ ︽ᠬᠤᠶᠠᠷ ᠲᠥᠪ︾ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠡᠵᠡᠮᠳᠡᠵᠦ᠂ ᠲᠤᠭ᠎ᠠ ᠪᠦᠷᠢᠳᠬᠡᠯ ᠤᠨ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠵᠤ᠂ ︽ᠵᠠᠰᠠᠭ ᠤᠨ ᠣᠷᠳᠣᠨ + ᠬᠡᠯᠬᠢᠶᠡᠨ ᠤ ᠭᠤᠣᠯ ᠠᠵᠤ ᠠᠬᠤᠶᠢᠯᠠᠯ + ᠠᠵᠤ ᠦᠢᠯᠡᠰ ᠤᠨ ᠬᠦᠷᠢᠶᠡᠯᠡᠩ︾ ᠤᠨ ᠬᠤᠳᠠᠯᠳᠤᠭᠠᠴᠢᠨ ᠤᠷᠢᠬᠤ ᠵᠠᠭᠪᠤᠷ ᠢ ᠰᠠᠶᠢᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠮᠢᠩᠭᠠᠨ ᠳ᠋ᠦᠩᠰᠢᠭᠤᠷ ᠤᠨ ᠳᠡᠰ ᠤᠨ ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠤᠨ ᠪᠦᠯᠦᠭᠯᠡᠯ᠂ ᠲᠠᠪᠤᠨ ᠵᠠᠭᠤᠨ ᠳ᠋ᠦᠩᠰᠢᠭᠤᠷ ᠤᠨ ᠳᠡᠰ ᠤᠨ ᠲᠣᠨᠣᠭᠯᠠᠯ ᠤᠨ ᠠᠵᠤ ᠦᠢᠯᠡᠰ ᠤᠨ ᠪᠦᠯᠦᠭᠯᠡᠯ᠂ ᠵᠠᠭᠤᠨ ᠳ᠋ᠦᠩᠰᠢᠭᠤᠷ ᠤᠨ ᠳᠡᠰ ᠤᠨ ᠴᠥᠮ᠎ᠡ ᠶᠢᠨ ᠠᠵᠤ ᠦᠢᠯᠡᠰ ᠤᠨ ᠪᠦᠯᠦᠭᠯᠡᠯ ᠪᠠ ᠵᠠᠭᠤᠨ ᠳ᠋ᠦᠩᠰᠢᠭᠤᠷ ᠤᠨ ᠳᠡᠰ ᠤᠨ ᠡᠨᠧᠷᠭᠢ ᠬᠠᠳᠠᠭᠠᠯᠠᠬᠤ ᠠᠵᠤ ᠦᠢᠯᠡᠰ ᠤᠨ ᠪᠦᠯᠦᠭᠯᠡᠯ ᠢ ᠪᠤᠶ ᠪᠣᠯᠭᠠᠬᠤ ᠪᠠᠷ ᠬᠠᠷᠠᠯᠲᠠ ᠪᠣᠯᠭᠠᠵᠤ᠂ ᠠᠵᠤ ᠦᠢᠯᠡᠰ ᠤᠨ ᠬᠤᠳᠠᠯᠳᠤᠭᠠᠴᠢᠨ ᠤᠷᠢᠬᠤ ᠬᠠᠷᠠᠯᠲᠠᠲᠤ ᠠᠵᠤ ᠠᠬᠤᠶᠢᠯᠠᠯ ᠳᠤ ᠨᠠᠷᠢᠯᠢᠭ ᠤᠨᠤᠪᠴᠢᠲᠠᠢ ᠢᠶᠠᠷ ᠪᠠᠶᠢᠷᠢ ᠲᠣᠭᠲᠠᠭᠠᠯᠲᠠ ᠬᠢᠵᠦ᠂ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠳᠠᠬᠢ ᠲᠣᠮᠣ ᠠᠵᠤ ᠠᠬᠤᠶᠢᠯᠠᠯ ᠤᠨ ᠴᠢᠩᠱᠠᠨ ᠲᠣᠭᠤᠷᠢᠭ ᠲᠤ ᠪᠠᠶᠢᠷᠢᠰᠢᠭᠤᠯᠬᠤ ᠶᠢ ᠲᠡᠳᠡᠨ ᠠᠪᠴᠢᠷᠠᠵᠤ᠂ ᠴᠢᠨᠠᠷ ᠰᠠᠶᠢᠲᠠᠢ ᠲᠥᠷᠥᠯ ᠵᠦᠢᠯ ᠢᠶᠠᠷ ᠪᠡᠯᠡ ᠣᠷᠣᠭᠤᠯᠤᠯᠲᠠ ᠶᠢ ᠳᠠᠶᠢᠴᠢᠯᠠᠨ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠤᠭᠰᠠᠨ ᠠᠵᠤ ᠠᠬᠤᠶᠢᠯᠠᠯ ᠤᠨ ᠬᠥᠭᠵᠢᠯᠲᠡ ᠶᠢ ᠳᠠᠶᠢᠴᠢᠯᠠᠨ᠂ ᠠᠵᠤ ᠦᠢᠯᠡᠰ ᠤᠨ ᠬᠡᠯᠬᠢᠶ᠎ᠡ ᠶᠢ ᠠᠮᠢᠳᠤᠯᠢᠭ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠢ ᠬᠥᠭᠵᠢᠭᠡᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃     ᠬᠤᠷᠠᠯ ᠠᠴᠠ᠂ ᠣᠶᠢᠯᠠᠭᠠᠮᠵᠢᠲᠠᠢ ᠰᠡᠳᠬᠢᠬᠦᠢ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠦᠢᠯᠡᠴᠢᠯᠡᠭᠡᠨ ᠤ ᠲᠦᠪᠰᠢᠨ ᠢ ᠰᠢᠯᠢᠳᠡᠭᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠲᠦᠪᠡᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠦ ᠶᠢᠨ ᠪᠣᠳᠣᠯᠭ᠎ᠠ + ᠦᠢᠯᠡᠴᠢᠯᠡᠭᠡ︾ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢ ᠦᠨᠡᠨᠬᠦ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠪᠤᠶᠢᠵᠢᠯᠲᠠ ᠶᠢ ᠴᠠᠭ ᠲᠤᠬᠠᠢ ᠳᠤᠨᠢ ᠮᠥᠷᠳᠡᠨ ᠳᠠᠭᠠᠵᠤ᠂ ᠠᠵᠤ ᠠᠬᠤᠶᠢᠯᠠᠯ ᠤᠨ ︽ᠰᠢᠨ᠎ᠡ ᠪᠠᠷ ᠨᠠᠶᠢᠳᠠᠪᠤᠷᠢᠵᠢᠭᠤᠯᠬᠤ︾᠂ ᠲᠦᠷᠦᠯ ᠵᠦᠢᠯ ᠤᠨ ︽ᠰᠢᠨ᠎ᠡ ᠪᠠᠷ ᠠᠵᠢᠯ ᠡᠬᠢᠯᠡᠭᠦᠯᠬᠦ︾ ᠶᠢ ᠪᠠᠲᠤᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠲᠡᠷᠢᠭᠦᠨ ᠤ ᠠᠵᠤ ᠦᠢᠯᠡᠰ ᠤᠨ ᠣᠷᠴᠢᠨ ᠲᠣᠭᠤᠷᠢᠨ ᠢ ᠪᠤᠢ ᠪᠣᠯᠭᠠᠵᠤ᠂ ︽ᠳᠠᠭᠠᠭᠠᠴᠢᠯᠠᠬᠤ︾ ᠰᠡᠳᠬᠢᠯ ᠬᠠᠨᠤᠮᠵᠢᠲᠠᠢ᠂ ᠰᠠᠨᠠᠭ᠎ᠠ ᠠᠮᠤᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠦᠷᠦᠯ ᠲᠡᠮᠳᠡᠭ ᠢ ᠤᠯᠠᠮ ᠴᠢᠨᠠᠭᠰᠢᠳᠠ ᠭᠡᠷᠡᠯᠳᠦᠬᠦᠯᠦᠨ᠎ᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ ᠨᠢᠭᠡᠳ ᠨᠢᠭᠡ ᠪᠠᠷ ᠪᠠᠶᠢᠴᠠᠭᠠᠨ ᠬᠠᠷᠭᠤᠭᠤᠯᠬᠤ᠂ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠪᠦᠷᠢᠳᠬᠡᠨ ᠳᠠᠩᠰᠠᠯᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ ᠴᠠᠭ ᠲᠤᠬᠠᠢ ᠳᠤᠨᠢ ᠬᠥᠮᠥᠷᠭᠡ ᠳᠤ ᠣᠷᠣᠭᠤᠯᠵᠤ᠂ ︽ᠬᠤᠶᠠᠷ ᠰᠢᠨ᠎ᠡ︾ ᠠᠵᠤ ᠠᠬᠤᠶᠢᠯᠠᠯ ᠪᠠ ᠲᠥᠷᠥᠯ ᠵᠦᠢᠯ ᠳᠤ ᠴᠠᠭ ᠲᠤᠬᠠᠢ ᠳᠤᠨᠢ ᠪᠤᠰᠤᠳᠴᠢ ᠲᠤᠰᠬᠠᠯ ᠪᠠ ᠦᠨᠡᠯᠡᠯᠲᠡ ᠬᠢᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号