ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽3·15 ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/3/16
      3 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠰᠢᠨᠵᠢᠯᠡᠬᠦ ᠤᠬᠠᠭᠠᠨ ᠤ ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠸᠠᠨ ᠳ᠋ᠠ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠬᠤᠯᠪᠤᠭᠠᠯᠠᠨ ᠸᠠᠨ ᠳ᠋ᠠ ᠲᠠᠯᠠᠪᠠᠶ ᠶᠢᠨ ᠨᠢᠭᠡᠳᠦᠭᠡᠷ ᠳᠠᠪᠬᠤᠷᠯᠢᠭ ᠤᠨ ᠳᠤᠮᠳᠠ ᠲᠢᠩᠬᠢᠮ ᠳᠤ ︽2023 ᠣᠨ ᠤ 3 · 15 ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠴᠢᠩᠱᠠᠨ ᠲᠣᠭᠤᠷᠢᠭ ᠤᠨ ᠭᠠᠯ ᠤᠨᠲᠠᠷᠠᠭᠠᠬᠤ ᠰᠠᠯᠪᠤᠷᠢ ᠠᠩᠭᠢ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠲᠥᠯᠥᠭᠡᠯᠡᠭᠴᠢ᠂ ᠸᠠᠨ ᠳ᠋ᠠ ᠠᠭᠤᠳᠠᠮ ᠲᠠᠯᠠᠪᠠᠢ ᠶᠢᠨ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠪᠤᠭᠤᠲᠤ ᠶᠢᠨ ᠳᠠᠪᠤᠰᠤᠨ ᠤ ᠦᠢᠯᠡᠰ ᠤᠨ ᠺᠣᠮᠫᠠᠨᠢ ᠵᠡᠷᠭᠡ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠴᠢᠩᠱᠠᠨ ᠲᠣᠭᠤᠷᠢᠭ ᠤᠨ ᠬᠡᠰᠡᠭ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃      ᠲᠤᠬᠠᠢ ᠶᠢᠨ ᠲᠠᠯᠠᠪᠠᠶ ᠳᠤ 43 ᠵᠠᠭᠠᠯᠳᠤᠯᠭ᠎ᠠ  ᠶᠢ ᠭᠥᠯᠢᠶᠡᠨ ᠠᠪᠴᠤ ᠰᠢᠢᠳᠪᠦᠷᠢᠯᠡᠵᠦ᠂ 3500 ᠭᠠᠷᠤᠢ ᠬᠤᠪᠢ ᠬᠡᠷᠡᠭᠯᠡᠭᠡ  ᠶᠢᠨ ᠡᠷᠬᠡ  ᠶᠢ ᠬᠠᠮᠠᠭᠠᠯᠠᠬᠤ ᠤᠬᠠᠭᠤᠯᠭ᠎ᠠ  ᠶᠢᠨ ᠮᠠᠲ᠋ᠧᠷᠢᠶᠠᠯ  ᠢ ᠲᠠᠷᠬᠠᠭᠠᠵᠤ᠂ 300 ᠭᠠᠷᠤᠢ ᠵᠤᠷᠪᠤᠰ ᠬᠡᠷᠡᠭᠯᠡᠭᠴᠢᠳ ᠤᠨ ᠯᠠᠪᠯᠠᠯᠲᠠ ᠳᠤ ᠬᠠᠷᠢᠭᠤᠯᠲᠠ ᠥᠭᠴᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号