ᠪᠠᠢ ᠶᠦᠨ ᠰᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/16
      3 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠦᠭᠡᠳ ᠠᠬᠢᠭᠤᠯᠬᠤ ᠬᠤᠷᠠᠯ ᠬᠤᠷᠠᠯᠳᠤᠭᠤᠯᠪᠠ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠢ ᠶᠦᠨ ᠰᠢ ᠬᠥᠬᠡ ᠵᠢᠷᠤᠭ ᠢ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠰᠠᠭᠤᠳᠠᠯ ᠳᠤᠷᠠᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠶᠡᠷ ᠢ ᠰᠡᠷᠭᠡᠶᠢᠯᠡᠬᠦ ᠲᠥᠬᠦᠭᠡᠷᠦᠮᠵᠢ ᠶᠢ ᠪᠠᠶᠢᠷᠢᠯᠠᠭᠤᠯᠬᠤ᠂ ᠵᠠᠮ ᠢ ᠥᠷᠭᠡᠳᠬᠡᠬᠦ ᠪᠠ ᠰᠡᠯᠪᠢᠨ ᠵᠠᠰᠠᠬᠤ᠂ ᠰᠠᠶᠢᠬᠠᠨ ᠵᠠᠮ ᠢ ᠤᠮᠠᠷᠠᠰᠢ ᠤᠷᠲᠤᠳᠬᠠᠬᠤ᠂ 110 ᠤᠯᠤᠰ ᠤᠨ ᠵᠠᠮ ᠤᠨ ᠲᠦᠷᠭᠡᠨ ᠬᠤᠷᠳᠤ ᠶᠢᠨ ᠵᠠᠮ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠢᠵᠢᠭ ᠬᠠᠭᠤᠴᠢᠨ ᠲᠣᠭᠤᠷᠢᠭ ᠤᠨ ᠢᠯᠴᠢ ᠬᠠᠩᠭᠠᠬᠤ ᠥᠭᠡᠷᠡᠴᠢᠯᠡᠯᠲᠡ ᠵᠡᠷᠭᠡ ᠠᠰᠠᠭᠤᠳᠠᠯ ᠤᠨ ᠲᠤᠬᠠᠢ ᠡᠯ᠎ᠡ ᠨᠢᠭᠡᠴᠢ ᠲᠠᠢ ᠪᠣᠳᠠᠲᠠᠢ ᠪᠠᠶᠢᠳᠠᠯ ᠢ ᠣᠶᠢᠯᠠᠭᠠᠵᠤ᠂ ᠰᠠᠨᠠᠯ ᠪᠣᠳᠣᠯ ᠢᠶᠠᠨ ᠰᠣᠯᠢᠯᠴᠠᠵᠤ᠂ ᠥᠭᠡᠷᠡᠴᠢᠯᠡᠬᠦ ᠠᠷᠭ᠎ᠠ ᠶᠢ ᠰᠤᠳᠤᠯᠵᠤ᠂ ᠪᠦᠲᠦᠭᠡᠨ ᠪᠠᠶᠢᠭᠤᠯᠬᠤ ᠲᠥᠰᠥᠯ ᠢᠶᠠᠨ ᠲᠡᠭᠦᠯᠳᠡᠷᠵᠢᠭᠦᠯᠪᠡ᠃      ᠠᠬᠢᠭᠤᠯᠬᠤ ᠬᠤᠷᠠᠯ ᠳᠡᠭᠡᠷ᠎ᠡ᠂ ᠪᠠᠢ ᠶᠦᠨ ᠰᠢ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠣᠳᠣᠬᠢ ᠱᠠᠲᠤᠨ ᠤ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃      ᠪᠠᠢ ᠶᠦᠨ ᠰᠢ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠪᠣᠯ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ᠵᠣᠬᠢᠴᠠᠭᠤᠯᠤᠨ ᠨᠡᠪᠲᠡᠷᠡᠯᠴᠡᠬᠦ ᠶᠢ ᠰᠠᠶᠢᠲᠤᠷ ᠬᠢᠵᠦ᠂ ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠦᠨᠡᠨᠬᠦ ᠬᠡᠷᠡᠭᠵᠢᠭᠦᠯᠵᠦ ᠪᠣᠯᠬᠤᠶᠢᠴᠠ ᠵᠢᠷᠤᠭ ᠲᠥᠯᠥᠪᠯᠡᠭᠡ ᠶᠢᠨ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠬᠤ ᠬᠡᠷᠡᠭᠲᠡᠢ᠃ ᠬᠠᠮᠢᠶ᠎ᠠ ᠪᠦᠬᠦᠢ ᠨᠢᠭᠡᠴᠢ ᠨᠦᠭᠦᠳ ᠬᠠᠷᠢᠯᠴᠠᠨ ᠬᠦᠴᠦ ᠵᠢᠭᠡᠯᠡᠨ᠂ ᠠᠳᠠᠯᠢ ᠴᠢᠭᠯᠡᠯ ᠢᠶᠠᠷ ᠬᠦᠴᠦᠯᠡᠵᠦ᠂ ᠨᠡᠶᠢᠯᠡᠮᠡᠯ ᠬᠦᠴᠦᠨ ᠢ ᠪᠣᠶ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠭᠠᠷᠳᠠᠮ ᠢ ᠭᠦᠢᠴᠡᠳᠬᠡᠬᠦ ᠵᠡᠷᠭᠡ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃      ᠪᠠᠢ ᠶᠦᠨ ᠰᠢ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠨᠡᠶᠢᠭᠡᠮ ᠲᠣᠭᠤᠷᠢᠭ ᠢᠶᠠᠷ ᠭᠤᠣᠯ ᠲᠠᠶᠢᠨ ᠤ ᠲᠠᠯᠠᠪᠤᠷ ᠪᠣᠯᠭᠠᠵᠤ᠂ ᠰᠠᠭᠤᠭᠠᠯᠢ ᠠᠷᠠᠳ ᠢᠶᠠᠷ ᠭᠤᠣᠯ ᠴᠣᠭᠴᠠ ᠪᠣᠯᠭᠠᠨ ᠥᠷᠨᠢᠭᠦᠯᠦᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠢᠩᠱᠠᠨ ᠤ ᠳᠠᠪᠠᠭᠤᠯᠢᠭ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠤᠷᠢᠳᠴᠢᠯᠠᠨ ᠲᠣᠬᠢᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠬᠦ ᠬᠡᠷᠡᠭᠲᠡᠢ︔ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠭᠡᠷᠡᠴᠢᠯᠡᠯᠲᠡ ᠶᠢᠨ ᠲᠥᠰᠥᠯ ᠳᠤ ᠲᠡᠭᠦᠯᠳᠡᠷᠵᠢᠭᠦᠯᠵᠦ᠂ ᠵᠢᠷᠤᠭ ᠲᠥᠯᠥᠪᠯᠡᠭᠡ ᠶᠢᠨ ᠲᠥᠰᠥᠯ ᠳᠤ ᠬᠢᠯᠠᠰ ᠴᠡᠭ ᠭᠤᠣᠯ ᠰᠡᠳᠦᠪ ᠢ ᠲᠤᠪᠤᠶᠢᠯᠭᠠᠬᠤ ᠮᠥᠷᠲᠡᠭᠡᠨ ᠪᠠᠰᠠ ᠪᠣᠳᠠᠲᠤ ᠬᠡᠷᠡᠭᠯᠡᠭᠡᠨ ᠤ ᠴᠢᠨᠠᠷ ᠲᠠᠢ ᠪᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠲᠦᠭᠦᠮ ᠨᠥᠬᠦᠴᠡᠯ ᠢ ᠬᠠᠩᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ︔ ᠵᠢᠵᠢᠭ ᠲᠣᠭᠤᠷᠢᠭ ᠤᠨ ᠳᠣᠲᠣᠷᠠᠬᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠨᠤᠷᠠᠭᠠᠯᠲᠠ ᠶᠢᠨ ᠠᠵᠢᠯ ᠢ ᠲᠦᠷᠭᠡᠳᠬᠡᠵᠦ᠂ ᠪᠠᠷᠢᠯᠭ᠎ᠠ ᠶᠢᠨ ᠨᠢᠭᠡᠴᠢ ᠶᠢᠨ ᠠᠯᠢ ᠲᠦᠷᠭᠡᠨ ᠢᠶᠠᠷ ᠲᠠᠯᠠᠪᠠᠢ ᠳᠤ ᠣᠷᠣᠵᠤ ᠪᠠᠷᠢᠯᠭ᠎ᠠ ᠶᠢᠨ ᠠᠵᠢᠯ ᠬᠢᠬᠦ ᠶᠢ ᠪᠠᠲᠤᠯᠠᠬᠤ ᠬᠡᠷᠡᠭᠲᠡᠢ︔ ᠭᠠᠷ ᠭᠦᠢᠴᠡᠳᠬᠡᠯ ᠭᠦᠢᠴᠡᠳᠬᠡᠬᠦ ᠶᠢ ᠲᠦᠷᠭᠡᠳᠬᠡᠵᠦ᠂ ᠬᠠᠤᠯᠢ ᠲᠣᠭᠲᠠᠭᠠᠯ ᠳᠤ ᠨᠡᠶᠢᠴᠡᠭᠦᠯᠦᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠪᠠᠷᠢᠯᠭ᠎ᠠ ᠶᠢᠨ ᠠᠵᠢᠯ ᠤᠨ ᠶᠠᠪᠤᠴᠠ ᠳᠠᠬᠢ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠢ ᠲᠠᠶᠢᠴᠢᠯᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ︔ ᠪᠣᠳᠠᠲᠤ ᠬᠦᠴᠦᠨ ᠲᠠᠢ ᠠᠳᠠᠯ ᠠᠬᠤᠢ ᠶᠢᠨ ᠺᠣᠮᠫᠠᠨᠢ ᠶᠢ ᠣᠷᠣᠭᠤᠯᠤᠨ ᠠᠪᠴᠢᠷᠠᠬᠤ ᠪᠠ ᠪᠦᠲᠦᠭᠡᠨ ᠪᠠᠶᠢᠭᠤᠯᠵᠤ᠂ ᠦᠢᠯᠡᠴᠢᠯᠡᠭᠡ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠤᠪᠢᠰᠬᠠᠯ ᠤᠨ ᠳᠤᠷᠠᠰᠬᠠᠯᠲᠤ ᠠᠳᠠᠯ ᠠᠬᠤᠢ ᠶᠢ ᠴᠣᠭᠴᠠᠯᠠᠵᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠦᠨᠡᠨᠬᠦ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号