ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠪᠤᠭᠤᠲᠤ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ ᠤᠨ | ᠬᠡᠷᠡᠭᠴᠡᠭᠡ ᠶᠢ ᠦᠨᠳᠦᠰᠦᠯᠡᠨ᠂ 3 ᠰᠠᠷ᠎ᠠ ᠶᠢᠨ 13 ᠤ ᠡᠳᠦᠷ᠂ ᠮᠦᠽᠧᠢ ᠳᠤ ᠬᠠᠳᠠᠭᠠᠯᠠᠵᠤ ᠪᠠᠶᠢᠭ᠎ᠠ ᠴᠢᠩ | ᠤᠯᠤᠰ ᠤᠨ ᠴᠢᠯᠠᠭᠤᠨ ᠬᠥᠰᠢᠶ᠎ᠡ ᠶᠢ ᠪᠤᠭᠤᠲᠤ ᠶᠢᠨ ᠮᠦᠽᠧᠢ ᠳᠤ ᠰᠠᠶᠢᠲᠤᠷ ᠰᠢᠯᠵᠢᠭᠦᠯᠦᠨ ᠥᠭᠴᠦ᠂ ᠪᠤᠭᠤᠲᠤ ᠶᠢᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ ᠳᠤ ᠬᠡᠷᠡᠭᠯᠡᠬᠦ ᠪᠠᠷ ᠪᠤᠢ᠃ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠴᠢᠩᠱᠠᠨ ᠲᠣᠭᠤᠷᠢᠭ ᠲᠤ ᠭᠤᠷᠪᠠᠳᠤᠭᠠᠷ ᠤᠳᠠᠭᠠᠨ ᠤ | ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠦᠶ᠎ᠡ ᠳᠤ᠂ | ᠴᠢᠩ ᠹᠦ᠋ ᠪᠠᠯᠭᠠᠰᠤᠨ ᠤ ᠶᠢᠨ ᠵᠢᠶᠠᠩ ᠶᠣᠣ ᠽᠢ ᠲᠣᠰᠬᠤᠨ ᠤ ᠠᠷᠤ ᠲᠠᠯ᠎ᠠ ᠶᠢᠨ ᠳᠣᠪᠣᠴᠠᠭ ᠳᠡᠭᠡᠷ᠎ᠡ ᠠᠴᠠ ᠴᠢᠩ | ᠤᠯᠤᠰ ᠤᠨ ᠦᠶ᠎ᠡ ᠶᠢᠨ ᠴᠢᠯᠠᠭᠤᠨ ᠬᠥᠰᠢᠶ᠎ᠡ ᠶᠢ ᠢᠯᠡᠷᠡᠭᠦᠯᠪᠡ᠃ ᠴᠢᠯᠠᠭᠤᠨ ᠬᠥᠰᠢᠶ᠎ᠡ ᠶᠢᠨ | ᠬᠠᠳᠠᠭᠠᠯᠠᠭᠳᠠᠴᠠ ᠨᠡᠯᠢᠶᠡᠳ ᠰᠠᠶᠢᠨ᠂ ᠣᠷᠳᠣ ᠨᠢ 156 ᠰᠠᠨᠲ᠋ᠢᠮᠧᠲᠷ᠂ ᠥᠷᠭᠡᠨ ᠨᠢ 30 ᠰᠠᠨᠲ᠋ᠢᠮᠧᠲᠷ᠂ ᠵᠤᠵᠠᠭᠠᠨ | ᠨᠢ 25 ᠰᠠᠨᠲ᠋ᠢᠮᠧᠲᠷ᠂ ᠤᠯᠠᠭᠠᠨ ᠡᠯᠡᠰᠦᠨ ᠴᠢᠯᠠᠭᠤᠯᠢᠭ ᠤᠨ ᠮᠠᠲ᠋ᠧᠷᠢᠶᠠᠯ ᠤᠨ ᠴᠢᠨᠠᠷ ᠲᠠᠢ᠂ ᠴᠢᠯᠠᠭᠤᠨ ᠬᠥᠰᠢᠶ᠎ᠡ ᠶᠢᠨ | ᠡᠮᠦᠨ᠎ᠡ ᠲᠠᠯ᠎ᠠ ᠳᠤᠨᠢ ᠬᠢᠲᠠᠳ ᠦᠰᠦᠭ ᠤᠨ ᠬᠢᠴᠢᠶᠡᠩᠭᠦᠢ ᠦᠰᠦᠭ ᠲᠠᠢ ︽ᠹᠠ ᠰᠢ ᠰᠦᠮ᠎ᠡ ᠬᠡᠶᠢᠳ ᠤᠨ | ᠮᠠᠯᠵᠢᠯ ᠤᠨ ᠲᠠᠯᠠᠪᠠᠶ ᠶᠢᠨ ᠵᠡᠭᠦᠨ ᠵᠠᠬ᠎ᠠ ᠶᠢᠨ ᠬᠠᠪᠲᠠᠭᠠᠢ ᠦᠨᠳᠦᠷ︾᠂ ᠠᠷᠤ ᠲᠠᠯ᠎ᠠ ᠳᠤᠨᠢ ᠮᠣᠩᠭᠤᠯ ᠦᠰᠦᠭ ᠪᠠ | ᠮᠠᠨᠵᠤ ᠦᠰᠦᠭ ᠲᠤᠰ ᠪᠦᠷᠢ ᠨᠢᠭᠡ ᠮᠥᠷ ᠰᠡᠶᠢᠯᠤᠪᠡ᠃ ᠴᠢᠩ ᠤᠯᠤᠰ ᠤᠨ ᠦᠶ᠎ᠡ ᠶᠢᠨ ᠴᠢᠯᠠᠭᠤᠨ ᠬᠥᠰᠢᠶ᠎ᠡ ᠨᠢ | ᠪᠤᠭᠤᠲᠤ ᠣᠷᠣᠨ ᠤ ᠰᠡᠮᠡ ᠮᠠᠯᠵᠢᠯ ᠤᠨ ᠲᠠᠯᠠᠪᠠᠢ ᠶᠢᠨ ᠠᠵᠤ ᠠᠬᠤᠢ ᠶᠢᠨ ᠪᠠᠶᠢᠳᠠᠯ ᠢ ᠭᠡᠷᠡᠴᠢᠯᠡᠵᠡᠢ᠃ ᠴᠢᠩ | ᠤᠯᠤᠰ ᠤᠨ ᠦᠶ᠎ᠡ ᠶᠢᠨ ᠪᠤᠭᠤᠲᠤ ᠣᠷᠣᠨ ᠤ ᠰᠦᠮ᠎ᠡ ᠶᠢᠨ ᠰᠣᠶᠣᠯ᠂ ᠲᠠᠯ᠎ᠠ ᠨᠤᠲᠤᠭ ᠤᠨ ᠲᠣᠷᠭᠠᠨ ᠵᠠᠮ ᠤᠨ | ᠰᠣᠶᠣᠯ ᠵᠡᠷᠭᠡ ᠶᠢ ᠰᠤᠳᠤᠯᠬᠤ ᠳᠤ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠮᠠᠲ᠋ᠧᠷᠢᠶᠠᠯ ᠢ | ᠬᠠᠩᠭᠠᠭᠰᠠᠨ ᠪᠠᠶᠢᠨ᠎ᠠ᠃ |