ᠴᠢᠩᠱᠠᠨ ᠲᠣᠭᠤᠷᠢᠭ ᠤᠨ ᠨᠣᠮ ᠤᠨ ᠰᠠᠩ ᠯᠤ᠋ ᠲᠦᠩ ᠬᠡᠦᠬᠡᠳ ᠤᠨ ᠲᠥᠪ ᠤᠨ ᠨᠣᠮ ᠪᠢᠴᠢᠭ ᠤᠨ ᠭᠦᠢᠯᠭᠡᠭᠡᠨ ᠤ ᠴᠡᠭ ᠲᠤ ᠨᠣᠮ ᠪᠢᠴᠢᠭ ᠲᠣᠬᠢᠷᠠᠭᠤᠯᠵᠤ ᠥᠭᠪᠡ
ᠨᠡᠶᠢᠲᠡᠯᠡᠭᠰᠡᠨ ᠴᠠᠭ᠄
2023/3/17
      ᠨᠣᠮ ᠤᠨ ᠰᠠᠩ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠥᠷᠭᠡᠳᠬᠡᠬᠦ ᠪᠠ ᠤᠷᠲᠤᠳᠬᠠᠵᠤ᠂ ᠡᠯ᠎ᠡ ᠨᠣᠮ ᠤᠨ ᠰᠠᠩ ᠤᠨ ᠭᠠᠳᠠᠨᠠᠬᠢ ᠭᠦᠢᠯᠭᠡᠭᠡᠨ ᠤ ᠴᠡᠭ ᠤᠨ ᠨᠣᠮ ᠤᠨ ᠡᠬᠢ ᠪᠠᠶᠠᠯᠢᠭ ᠢ ᠲᠡᠭᠦᠯᠳᠡᠷᠵᠢᠭᠦᠯᠵᠦ᠂ ᠴᠢᠩᠱᠠᠨ ᠲᠣᠭᠤᠷᠢᠭ ᠤᠨ ᠬᠢᠨ ᠤᠯᠠᠨ ᠨᠡᠶᠢᠲᠡ ᠶᠢᠨ ᠨᠣᠮ ᠤᠨ ᠰᠠᠩ ᠢᠶᠠᠷ ᠲᠥᠪ ᠪᠣᠯᠭᠠᠭᠰᠠᠨ ᠶᠡᠷᠦᠩᠬᠡᠢ ᠬᠤᠪᠢᠶᠠᠷᠢ ᠨᠣᠮ ᠤᠨ ᠰᠠᠩ ᠤᠨ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠬᠡᠯᠪᠡᠶᠢᠯᠭᠡᠬᠦ ᠪᠠ ᠤᠷᠲᠤᠳᠬᠠᠬᠤ ᠶᠢ ᠠᠬᠢᠭᠤᠯᠪᠠ᠃ ᠦᠨᠳᠦᠰᠦᠨ ᠱᠠᠲᠤᠨ ᠤ ᠨᠣᠮ ᠪᠢᠴᠢᠭ ᠤᠨ ᠲᠠᠰᠤᠭ ᠢ ᠵᠢᠯᠣᠭᠤᠳᠤᠨ ᠨᠣᠮ ᠪᠢᠴᠢᠭ ᠤᠨ ᠡᠬᠢ ᠪᠠᠶᠠᠯᠢᠭ ᠢ ᠠᠮᠢᠳᠤᠯᠢᠭ ᠢᠶᠠᠷ ᠬᠡᠷᠡᠭᠯᠡᠭᠦᠯᠵᠦ᠂ ᠬᠠᠮᠢᠶᠠᠷᠤᠯᠲᠠ ᠶᠢ ᠵᠢᠷᠤᠮᠵᠢᠭᠤᠯᠵᠤ᠂ ᠨᠡᠩ ᠤᠯᠠᠨ ᠤᠩᠰᠢᠭᠴᠢᠳ ᠲᠤ ᠨᠡᠩ ᠰᠠᠶᠢᠨ ᠦᠢᠯᠡᠴᠢᠯᠡᠭᠦᠯᠬᠦ ᠶᠢᠨ ᠲᠦᠯᠦᠭᠡ᠂ 3 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠨᠣᠮ ᠤᠨ ᠰᠠᠩ ᠯᠤ᠋ ᠲᠦᠩ ᠬᠡᠦᠬᠡᠳ ᠤᠨ ᠲᠥᠪ ᠤᠨ ᠨᠣᠮ ᠪᠢᠴᠢᠭ ᠤᠨ ᠭᠦᠢᠯᠭᠡᠭᠡᠨ ᠤ ᠴᠡᠭ ᠲᠤ ᠬᠡᠦᠬᠡᠳ ᠤᠨ ᠵᠢᠷᠤᠭᠲᠤ ᠳᠡᠪᠲᠡᠷ᠂ ᠬᠤᠭᠤᠴᠠᠭᠠᠲᠤ ᠰᠡᠳᠬᠦᠯ 200 ᠭᠠᠷᠤᠢ ᠳᠡᠪᠲᠡᠷ ᠵᠢᠴᠢ ᠨᠠᠰᠤᠨ ᠳᠤ ᠭᠦᠷᠦᠭᠰᠡᠳ ᠤᠨ 100 ᠳᠡᠪᠲᠡᠷ ᠨᠣᠮ ᠪᠢᠴᠢᠭ ᠢ ᠲᠣᠬᠢᠷᠠᠭᠤᠯᠤᠨ ᠬᠦᠷᠭᠡᠪᠡ᠃ ᠪᠠᠭᠠᠴᠤᠳ ᠬᠡᠦᠬᠡᠳ ᠤᠨ ᠤᠩᠰᠢᠭᠴᠢᠳ ᠤᠨ ᠤᠩᠰᠢᠯᠭ᠎ᠠ ᠶᠢᠨ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠪᠠᠭᠰᠢ ᠵᠢᠴᠢ ᠭᠡᠷ ᠤᠨ ᠠᠬᠠᠮᠠᠳ ᠤᠨ ᠡᠳᠦᠷ ᠲᠤᠳᠤᠮ ᠤᠨ ᠵᠢᠭᠡᠯᠡᠨ ᠤᠩᠰᠢᠬᠤ ᠳᠤ ᠲᠦᠭᠦᠮ ᠦᠵᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号