2 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠦ ᠬᠤᠲᠠ ᠶᠢᠨ ᠪᠡᠶ᠎ᠡ ᠶᠢᠨ ᠲᠠᠮᠢᠷ ᠤᠨ | ᠲᠣᠪᠴᠢᠶ᠎ᠠ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠴᠢᠩᠱᠠᠨ ᠴᠡᠴᠡᠷᠯᠢᠭ ᠪᠠ | ᠪᠦᠯᠬᠦᠮᠳᠡᠯ ᠲᠠᠯᠠᠪᠠᠶ ᠳᠤ ᠲᠤᠬᠠᠢ ᠶᠢᠨ ᠲᠠᠯᠠᠪᠤᠷ ᠤᠨ ᠬᠠᠶᠢᠨ ᠰᠢᠯᠭᠠᠯᠲᠠ ᠬᠢᠪᠡ᠃ | ᠴᠢᠩᠱᠠᠨ ᠴᠡᠴᠡᠷᠯᠢᠭ ᠪᠣᠯ 2022 ᠣᠨ ᠳᠤ ᠨᠢᠭᠡᠨᠲᠡ ᠪᠡᠶᠡᠯᠡᠭᠦᠯᠦᠭᠰᠡᠨ ᠲᠠᠩᠰᠠ ᠡᠪᠬᠡᠮᠡᠯ ᠭᠠᠷᠭᠠᠨ ᠲᠠᠰ | ᠳᠡᠪᠰᠢᠭᠦᠯᠵᠦ ᠥᠭᠡᠷᠡᠴᠢᠯᠡᠨ ᠰᠠᠶᠢᠵᠢᠷᠠᠭᠤᠯᠤᠭᠰᠠᠨ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠶᠢᠨ ᠲᠠᠮᠢᠷ ᠤᠨ | ᠴᠡᠴᠡᠷᠯᠢᠭ ᠤᠨ ᠴᠢᠳᠠᠮᠵᠢ ᠶᠢ ᠨᠠᠩ ᠰᠠᠶᠢᠨ ᠢᠯᠡᠷᠡᠭᠦᠯᠵᠦ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠳᠤ ᠲᠥᠬᠦᠮ | ᠦᠵᠡᠭᠦᠯᠬᠦ ᠶᠢᠨ ᠲᠥᠯᠥᠭᠡ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠨᠠᠷᠢᠨ ᠲᠣᠳᠣᠷᠬᠠᠢ ᠬᠥᠲᠥᠯᠥᠮᠵᠢ ᠶᠢᠨ ᠫᠠᠶᠢᠰᠠ ᠵᠣᠬᠢᠶᠠᠵᠤ᠂ | ᠥᠰᠥᠭ ᠪᠢᠴᠢᠭ ᠤᠨ ᠲᠣᠳᠣᠷᠬᠠᠶᠢᠯᠠᠯᠲᠠ ᠬᠢᠭᠰᠡᠨ ᠪᠠᠶᠢᠨ᠎ᠠ᠃ ᠲᠠᠩᠰᠠ ᠡᠪᠬᠡᠮᠡᠯ ᠢ ᠳᠡᠭᠡᠭᠰᠢᠯᠡᠭᠦᠯᠵᠦ ᠲᠠᠰ | ᠳᠡᠪᠰᠢᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠨᠢ ᠣᠯᠠᠨ ᠲᠦᠮᠡᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ᠂ | ᠰᠡᠯᠡᠭᠦᠴᠡᠯ ᠵᠤᠭ᠎ᠠ ᠴᠡᠩᠭᠡᠯ ᠵᠡᠷᠭᠡ ᠬᠡᠷᠡᠭᠴᠡᠭᠡ ᠱᠠᠭᠠᠷᠳᠠᠯᠭ᠎ᠠ ᠶᠢ ᠴᠢᠬᠤᠯᠠᠴᠢᠯᠠᠵᠤ᠂ ᠠᠷᠠᠳ ᠣᠯᠠᠨ ᠤ | ᠬᠥᠳᠡᠯᠭᠡᠭᠡᠨ ᠤ ᠳᠤᠷ᠎ᠠ ᠰᠣᠨᠢᠷᠬᠠᠯ ᠲᠠᠢ ᠤᠶᠠᠯᠳᠤᠭᠤᠯᠤᠨ᠂ ᠡᠯ᠎ᠡ ᠨᠠᠰᠤᠨ ᠤ ᠲᠠᠰ ᠳᠠᠪᠬᠤᠷᠭ᠎ᠠ ᠶᠢᠨ ᠣᠯᠠᠨ | ᠲᠦᠮᠡᠨ ᠤ ᠣᠷᠤᠯᠴᠠᠬᠤ ᠳᠤᠷᠠᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠬᠠᠩᠭᠠᠬᠤ ᠶᠢᠨ ᠬᠠᠮᠲᠤ | ᠪᠠᠰᠠ ᠣᠯᠠᠨ ᠲᠦᠮᠡᠨ ᠤ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠵᠤ᠂ ᠬᠤᠲᠠ ᠶᠢᠨ ᠠᠷᠠᠳ ᠤᠨ ᠪᠡᠶ᠎ᠡ | ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠦᠰᠡᠯ ᠡᠷᠡᠮᠡᠯᠵᠡᠯ ᠢ ᠦᠨᠡᠨᠬᠦ | ᠪᠡᠶᠡᠯᠡᠭᠦᠯᠦᠭᠰᠡᠨ ᠪᠠᠶᠢᠨ᠎ᠠ᠃ | ᠬᠠᠶᠢᠨ ᠰᠢᠯᠭᠠᠭᠰᠠᠨ ᠤ ᠳᠠᠷᠠᠭ᠎ᠠ᠂ ᠬᠤᠲᠠ᠂ ᠲᠣᠭᠤᠷᠢᠭ ᠬᠤᠶᠠᠷ ᠱᠠᠲᠤᠨ ᠤ ᠪᠡᠶ᠎ᠡ ᠶᠢᠨ ᠲᠠᠮᠢᠷ ᠤᠨ ᠰᠠᠯᠠᠭ᠎ᠠ | ᠮᠥᠴᠢᠷ ᠠᠴᠠ ᠪᠦᠯᠬᠦᠮᠳᠡᠯ ᠠᠭᠤᠳᠠᠮ ᠲᠠᠯᠠᠪᠠᠶ ᠶᠢᠨ ᠥᠭᠡᠷᠡᠴᠢᠯᠡᠯᠲᠡ ᠶᠢᠨ ᠢᠨᠵᠧᠨᠧᠷᠢᠩ ᠳᠤ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠲᠣᠭᠤᠷᠢᠭ ᠵᠢᠴᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠨ | ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠬᠢᠵᠦ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ᠂ | ᠥᠨᠳᠥᠷ ᠦᠷ᠎ᠡ ᠪᠦᠲᠦᠮᠵᠢ ᠲᠠᠢ ᠪᠡᠶᠡᠯᠡᠭᠳᠡᠬᠦ᠂ ᠬᠤᠲᠠ ᠶᠢᠨ ᠠᠷᠠᠳ ᠲᠤ ᠠᠮᠤᠷ ᠲᠦᠪᠰᠢᠨ᠂ ᠪᠡᠶ᠎ᠡ | ᠴᠢᠭᠢᠷᠠᠭᠵᠢᠭᠤᠯᠬᠤ ᠳᠤ ᠲᠠᠭᠠᠯᠠᠮᠵᠢᠲᠠᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠬᠠᠩᠭᠠᠬᠤ ᠶᠢ | ᠦᠨᠡᠨᠬᠦ ᠪᠠᠲᠤᠯᠠᠨ᠎ᠠ᠃ |