ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︵ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ︶ ᠲᠠᠨᠢᠯᠴᠠᠭᠤᠯᠭ᠎ᠠ ᠶᠢᠨ ᠬᠤᠷᠠᠯ ᠶᠠᠨᠲᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2023/3/2
      ᠬᠠᠮᠲᠤᠷᠠᠨ ᠠᠵᠢᠯᠯᠠᠵᠤ᠂ ᠬᠥᠭᠵᠢᠯᠲᠡ ᠶᠢ ᠬᠠᠮᠲᠤᠪᠠᠷ ᠶᠠᠷᠢᠯᠴᠠᠨ᠎ᠠ᠃ 2 ᠰᠠᠷ᠎ᠠ ᠶᠢᠨ 24 ᠤ ᠡᠳᠦᠷ᠂ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︵ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ︶ ᠲᠠᠨᠢᠯᠴᠠᠭᠤᠯᠬᠤ ᠬᠤᠷᠠᠯ ᠱᠠᠨᠳᠦ᠋ᠩ ᠮᠤᠵᠢ ᠶᠢᠨ ᠶᠠᠨᠲ᠋ᠠᠢ ᠬᠤᠲᠠ ᠳᠤ ᠶᠠᠪᠤᠭᠳᠠᠪᠠ᠃ ᠮᠠᠨ ᠤ ᠬᠤᠳᠠ᠂ ᠱᠠᠨᠳᠦ᠋ᠩ ᠮᠤᠵᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠠᠴᠠ ᠢᠷᠡᠭᠰᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ 80 ᠭᠠᠷᠤᠢ ᠬᠥᠮᠥᠨ ᠴᠤᠭᠯᠠᠭᠠᠨ ᠤ ᠲᠠᠯᠠᠪᠠᠢ ᠳᠤ ᠴᠤᠭᠯᠠᠷᠠᠵᠤ᠂ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤᠪᠠᠷ ᠵᠥᠪᠳᠡᠯᠴᠡᠵᠦ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃     ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠴᠢᠩᠱᠠᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠲᠤᠰ ᠲᠣᠭᠤᠷᠢᠭ ᠤᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠳᠠᠪᠠᠭᠤᠯᠢᠭ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ᠲᠠᠯ᠎ᠠ ᠶᠢᠨ ᠲᠣᠭᠤᠷᠢᠨ ᠳᠤ ᠲᠠᠨᠢᠯᠴᠠᠭᠤᠯᠭ᠎ᠠ ᠬᠢᠵᠡᠢ᠃ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠪᠣᠯ ᠴᠢᠩᠱᠠᠨ ᠲᠣᠭᠤᠷᠢᠭ ᠤᠨ ᠬᠥᠭᠵᠢᠯᠲᠡ ᠶᠢᠨ ᠨᠢᠷᠤᠭᠤᠪᠴᠢ ᠪᠠ ᠲᠤᠯᠭᠠᠭᠤᠷᠢᠯᠠᠯ ᠮᠥᠨ᠂ ᠪᠤᠭᠤᠲᠤ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠲᠣ ᠨᠢᠭᠡᠨᠲᠡ ᠬᠦᠨᠳᠦ ᠲᠡᠷᠭᠡᠨ ᠤ ᠲᠣᠨᠤᠭ ᠲᠥᠬᠦᠭᠡᠷᠦᠮᠵᠢ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ᠂ ᠶᠡᠷᠦᠩᠬᠡᠶᠢᠯᠡᠨ ᠮᠠᠯᠲᠠᠬᠤ ᠲᠣᠨᠤᠭ ᠲᠥᠬᠦᠭᠡᠷᠦᠮᠵᠢ᠂ ᠮᠠᠰᠢᠨ ᠴᠠᠬᠢᠯᠭᠠᠨ ᠤ ᠲᠣᠨᠤᠭ ᠲᠥᠬᠦᠭᠡᠷᠦᠮᠵᠢ᠂ ᠢᠨᠵᠧᠨᠧᠷᠢᠩ ᠤᠨ ᠮᠠᠰᠢᠨ ᠲᠣᠨᠣᠭᠯᠠᠯ ᠵᠡᠷᠭᠡ ᠵᠢᠷᠭᠤᠭᠠᠨ ᠲᠣᠮᠣ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠪᠦᠷᠢᠯᠳᠦᠵᠦ᠂ ᠴᠤᠭᠯᠠᠷᠠᠯ ᠤᠨ ᠦᠢᠯᠡᠳᠦᠯ ᠨᠢ ᠡᠳᠦᠷ ᠢᠷᠡᠬᠦᠶ᠎ᠡ ᠢᠯᠡᠷᠬᠡᠢ ᠪᠣᠯᠪᠠ᠃ ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠢᠨ ᠮᠠᠨ ᠤ ᠬᠤᠳᠠ ᠶᠢᠨ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠳᠠ︾ ᠪᠠ ᠲᠠᠪᠤᠨ ᠰᠢᠨ᠎ᠡ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠭᠰᠠᠨ᠂ ᠭᠤᠣᠯᠯᠠᠭᠴᠢ ᠥᠷᠢᠰᠦᠯᠳᠦᠬᠦ ᠬᠦᠴᠦᠨ ᠲᠠᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ︔ ᠪᠣᠬᠢᠷᠳᠤᠯ ᠦᠭᠡᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠤᠯᠤᠰ ᠤᠨ ᠰᠢᠨ᠎ᠡ ᠡᠨᠧᠷᠭᠢ ᠶᠢᠨ ᠰᠢᠰᠲ᠋ᠧᠮ ᠢ ᠲᠦᠷᠭᠡᠨ ᠲᠥᠯᠥᠪᠵᠢᠭᠦᠯᠦᠨ ᠪᠠᠶᠢᠭᠤᠯᠵᠤ᠂ ᠮᠢᠩᠭᠠᠨ ᠳ᠋ᠦᠩᠰᠢᠭᠤᠷ ᠤᠨ ᠳᠡᠰ ᠤᠨ ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠪᠠᠷ ᠴᠢᠷᠮᠠᠶᠢᠨ᠎ᠠ︔ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ ᠺᠠᠷᠲ ᠵᠢᠴᠢ ᠢᠵᠢ ᠪᠦᠷᠢᠳᠦᠭᠦᠯᠬᠦ᠂ ᠤᠰᠤᠲᠥ᠋ᠷᠥᠭᠴᠢ ᠡᠨᠧᠷᠭᠢ᠂ ᠪᠠᠴᠢᠮ ᠪᠠᠶᠢᠳᠠᠯ ᠢ ᠠᠷᠭᠠᠴᠠᠬᠤ ᠲᠣᠨᠣᠭᠯᠠᠯ ᠵᠡᠷᠭᠡ ᠠᠵᠤ ᠦᠢᠯᠡᠰ ᠢ ᠡᠮᠬᠢᠯᠡᠨ ᠨᠡᠶᠢᠯᠡᠭᠦᠯᠵᠦ᠂ ᠲᠠᠪᠤᠨ ᠵᠠᠭᠤᠨ ᠳ᠋ᠦᠩᠰᠢᠭᠤᠷ ᠳᠡᠰ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠪᠤᠢ ᠪᠣᠯᠭᠠᠨ᠎ᠠ᠃     ᠴᠢᠩᠱᠠᠨ ᠲᠣᠭᠤᠷᠢᠭ ᠤᠨ ᠳᠠᠷᠤᠭ᠎ᠠ ᠪᠠᠢ ᠶᠦᠨ ᠰᠢ᠂ ᠴᠢᠩᠱᠠᠨ ᠲᠣᠭᠤᠷᠢᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ ᠡᠮᠦᠨ᠎ᠡ ᠵᠢᠷᠭᠤᠳᠤᠭᠠᠷ ᠲᠤ ᠣᠷᠣᠵᠤ᠂ 2022 ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠣᠷᠣᠨ ᠤ ᠳᠥᠴᠢᠳᠦᠭᠡᠷ ᠲᠤ ᠵᠢᠭᠰᠠᠭᠠᠭᠳᠠᠵᠤ᠂ ᠤᠯᠠᠨ ᠠᠴᠠ ᠣᠨᠴᠠᠭᠠᠢ ᠠᠵᠤ ᠦᠢᠯᠡᠰ ᠤᠨ ᠪᠣᠯᠪᠠᠰᠤᠷᠠᠭᠤᠯᠬᠤ ᠴᠢᠳᠠᠪᠤᠷᠢ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ᠂ ᠠᠵᠤ ᠦᠢᠯᠡᠰ ᠤᠨ ᠴᠢᠳᠠᠪᠤᠷᠢᠲᠠᠨ ᠤ ᠳᠠᠪᠠᠭᠤᠯᠢᠭ ᠢ ᠪᠦᠷᠢᠯᠳᠦᠭᠦᠯᠦᠭᠰᠡᠨ ᠪᠠᠶᠢᠨ᠎ᠠ᠃ ᠶᠠᠨᠲ᠋ᠠᠢ ᠬᠤᠳᠠ ᠨᠢ ᠱᠠᠨᠳᠦ᠋ᠩ ᠤᠨ ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ︽ᠭᠤᠷᠪᠠᠨ ᠴᠥᠮ᠎ᠡ︾ ᠶᠢᠨ ᠨᠢᠭᠡ ᠪᠣᠯᠤᠭᠰᠠᠨ ᠤ ᠬᠤᠪᠢ ᠳᠤ᠂ ᠮᠠᠰᠢᠨ ᠲᠡᠷᠭᠡᠨ ᠤ ᠰᠡᠯᠪᠢᠭ ᠲᠤᠨᠤᠭ᠂ ᠣᠶᠤᠨᠴᠢ ᠲᠣᠨᠣᠭᠯᠠᠯ᠂ ᠳᠡᠭᠡᠳᠦ ᠲᠡᠰ ᠤᠨ ᠲᠣᠨᠣᠭᠯᠠᠯ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠤ ᠴᠢᠩᠱᠠᠨ ᠲᠣᠭᠤᠷᠢᠭ ᠲᠠᠢ ᠳᠡᠭᠡᠳᠦ ᠬᠡᠮᠵᠢᠶ᠎ᠡ ᠪᠠᠷ ᠲᠣᠬᠢᠷᠠᠯᠴᠠᠵᠠᠢ᠃ ᠶᠠᠨᠲ᠋ᠠᠢ ᠬᠤᠳᠠ ᠶᠢᠨ ᠠᠵᠤ ᠦᠢᠯᠡᠰ ᠤᠨ ᠲᠡᠰ ᠳᠡᠪᠰᠢᠬᠦ ᠠᠵᠠ ᠲᠣᠬᠢᠶᠠᠯ ᠢ ᠠᠰᠢᠭᠯᠠᠨ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠰᠢ ᠠᠬᠢᠭᠤᠯᠬᠤ ᠶᠢ ᠬᠦᠰᠡᠵᠦ᠂ ᠴᠢᠩᠱᠠᠨ ᠲᠣᠭᠤᠷᠢᠭ ᠤᠨ ᠬᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠰᠢᠯᠢᠳᠡᠭ ᠦᠢᠯᠡᠴᠢᠯᠡᠭᠡ ᠪᠠᠷ ᠳᠡᠯᠡᠬᠡᠢ ᠳ᠋ᠠᠬᠢᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠦᠢᠯᠡᠰ ᠪᠣᠰᠬᠠᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃      ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠱᠠᠨᠳᠦ᠋ᠩ ᠤᠨ ᠦᠢᠯᠡᠳᠪᠦᠷᠢ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ᠂ ᠶᠠᠨᠲ᠋ᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠵᠠᠬᠢᠷᠤᠯ ᠵᠠᠩ ᠭᠤᠸᠠᠩ ᠸᠧᠢ ︽ᠠᠵᠤ ᠠᠬᠤᠢ ᠶᠢᠨ ᠪᠠᠶᠢᠳᠠᠯ ᠪᠣᠯᠣᠨ ᠬᠥᠭᠵᠢᠯᠲᠡ ᠶᠢᠨ ᠤᠳᠤᠷᠢᠳᠤᠮᠵᠢ︾ ᠶᠢᠨ ᠲᠣᠭᠤᠷᠢᠨ ᠳᠤ ᠭᠤᠣᠯ ᠰᠡᠳᠦᠪᠲᠦ ᠶᠠᠷᠢᠶ᠎ᠠ ᠲᠠᠯᠪᠢᠪᠠ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠥᠪᠥᠷ ᠮᠣᠩᠭᠤᠯ ᠨᠤᠲᠤᠭ ᠲᠠᠢ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ ᠬᠢᠵᠦ᠂ ᠬᠤᠷᠠᠯ ᠳᠤ ᠣᠷᠣᠯᠴᠠᠭᠰᠠᠳ ᠪᠠᠰᠠ ᠶᠠᠨᠲ᠋ᠠᠢ ᠬᠤᠳᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃      ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠡᠯ᠎ᠡ ᠠᠵᠤ ᠦᠢᠯᠡᠰ ᠤᠨ ᠬᠡᠰᠡᠭ ᠨᠢ ︽ᠬᠤᠤᠰ ᠤᠷᠢᠵᠦ ᠬᠤᠤᠰ ᠲᠠᠲᠠᠬᠤ︾ ᠲᠠᠯ᠎ᠠ ᠪᠠᠷ ᠥᠷᠢᠰᠦᠯᠳᠦᠨ ᠬᠦᠴᠦᠯᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠭᠰᠡᠨ ᠪᠠᠶᠢᠨ᠎ᠠ᠃ ᠣᠲᠣ ᠪᠣᠯᠲᠠᠯ᠎ᠠ᠂ ᠴᠢᠩᠱᠠᠨ ᠲᠣᠭᠤᠷᠢᠭ ᠤᠨ ᠭᠤᠣᠯ ᠤᠳᠤᠷᠢᠳᠤᠯᠭ᠎ᠠ ᠨᠡᠶᠢᠲᠡ 5 ᠪᠦᠯᠦᠭ ᠤᠳᠠᠭ᠎ᠠ ᠭᠠᠳᠠᠭᠰᠢ ᠭᠠᠷᠴᠦ᠂ ᠡᠯ᠎ᠡ ᠠᠵᠤ ᠦᠢᠯᠡᠰ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠨᠡᠶᠢᠲᠡ 16 ᠪᠦᠯᠦᠭ ᠤᠳᠠᠭ᠎ᠠ ᠭᠠᠳᠠᠭᠰᠢ ᠭᠠᠷᠴᠤ᠂ 90 ᠭᠠᠷᠤᠢ ᠠᠵᠤ ᠠᠬᠤᠶᠢᠯᠠᠯ ᠲᠠᠢ ᠵᠣᠯᠭᠠᠭᠤᠯᠵᠤ᠂ ᠨᠡᠶᠢᠲᠡ 16 ᠲᠥᠷᠥᠯ ᠵᠦᠢᠯ ᠤᠨ ᠭᠡᠷ᠎ᠡ ᠲᠣᠭᠲᠠᠵᠤ᠂ ᠬᠡᠯᠡᠯᠴᠡᠭᠡᠷ ᠤᠨ ᠵᠣᠭᠤᠰ ᠤᠨ ᠲᠤᠭ᠎ᠠ 166.25 ᠳ᠋ᠦᠩᠰᠢᠭᠤᠷ ᠲᠥᠭᠦᠷᠢᠭ ᠲᠤ ᠬᠦᠷᠴᠡᠢ᠃      ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠬᠤᠲᠠ ᠶᠢᠨ ᠵᠠᠰᠠᠭ ᠤᠨ ᠣᠷᠳᠣᠨ  ᠠᠴᠠ ᠭᠤᠣᠯᠯᠠᠨ ᠡᠷᠭᠢᠯᠡᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ᠂ ᠶᠠᠨᠲ᠋ᠠᠢ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠳᠠᠭᠠᠭᠠᠴᠢᠯᠠᠨ ᠡᠷᠬᠢᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号