ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠠᠩᠬᠠᠳᠤᠭᠠᠷ ᠬᠤᠭᠤᠴᠠᠭᠠᠨ ᠤ ︽ᠡᠶᠡᠯᠳᠡᠭ ᠬᠥᠷᠰᠢ ᠶᠢᠨ ᠪᠠᠶᠠᠷ︾ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/3/20
      ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠬᠤᠷᠢᠶ᠎ᠠ ᠵᠢᠴᠢ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠬᠦ᠂ ᠰᠠᠭᠤᠭᠠᠯᠢ ᠠᠷᠠᠳ ᠣᠷᠤᠯᠴᠠᠬᠤ ᠪᠠᠷ ᠳᠠᠮᠵᠢᠭᠤᠯᠵᠤ᠂ ᠬᠥᠷᠰᠢ ᠵᠡᠷᠭᠡᠯᠡᠳᠡᠭᠡ ᠶᠢᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠰᠠᠶᠢᠨ ᠰᠠᠶᠢᠬᠠᠨ ᠨᠡᠶᠢᠭᠡᠮ ᠲᠣᠭᠤᠷᠢᠭ ᠢ ᠬᠠᠮᠲᠤᠪᠠᠷ ᠪᠦᠲᠦᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠠᠮᠢᠳᠤᠷᠠᠯ ᠢ ᠨᠡᠩ ᠲᠠᠩᠰᠤᠭ ᠰᠠᠶᠢᠬᠠᠨ ᠪᠥᠭᠡᠳ ᠬᠠᠶᠢᠷ᠎ᠠ ᠬᠠᠯᠠᠮᠵᠢ ᠲᠠᠢ  ᠪᠤᠯᠭᠠᠬᠤ ᠶᠢᠨ ᠲᠦᠯᠦᠭᠡ᠂ 2023 ᠣᠨ ᠤ 3 ᠰᠠᠷ᠎ᠠ ᠶᠢᠨ 18 ᠤ ᠦᠳᠡ ᠶᠢᠨ ᠡᠮᠦᠨᠡᠬᠢ 10᠄ 30 ᠴᠠᠭ᠂ ᠬᠤᠰᠢᠭᠤᠴᠢ ᠵᠠᠮ ᠤᠨ ᠵᠡᠭᠡᠯᠢ ᠭᠤᠳᠤᠮᠵᠢ  ᠶᠢᠨ ᠠᠩᠬᠠᠳᠤᠭᠠᠷ ᠬᠤᠭᠤᠴᠠᠭᠠᠨ ᠤ ︽ᠡᠶᠡᠯᠳᠡᠭ ᠬᠥᠷᠰᠢ ᠶᠢᠨ ᠪᠠᠶᠠᠷ︾ ᠴᠢᠩᠱᠠᠨ ᠲᠣᠭᠤᠷᠢᠭ ᠤᠨ ᠨᠠ ᠯᠢᠨ ᠶᠠᠪᠠᠭᠠᠨ ᠵᠡᠭᠡᠯᠢ ᠳᠤ ᠦᠪᠡᠳᠡᠭᠰᠢ ᠶᠡᠭᠡ ᠪᠠᠷ  ᠡᠬᠢᠯᠡᠵᠦ᠂ ᠬᠤᠳᠠ ᠶᠢᠨ ᠡᠪᠯᠡᠯ ᠤᠨ ᠬᠤᠷᠢᠶ᠎ᠠ ᠶᠢᠨ ᠳᠡᠳ᠋ ᠱᠦᠵᠢ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠴᠢᠩᠱᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤᠪᠠᠷ ᠠᠩᠬᠠᠳᠤᠭᠠᠷ ᠬᠤᠭᠤᠴᠠᠭᠠᠨ ᠤ ︽ᠡᠶᠡᠯᠳᠡᠭ ᠬᠥᠷᠰᠢ ᠶᠢᠨ ᠪᠠᠶᠠᠷ︾ ᠢ ᠡᠬᠢᠯᠡᠭᠦᠯᠵᠦ᠂ ᠰᠠᠭᠤᠭᠠᠯᠢ ᠠᠷᠠᠳ ᠲᠤ ᠣᠷᠤᠯᠴᠠᠬᠤ ᠬᠡᠯᠪᠡᠷᠢ ᠶᠢᠨ᠂ ᠬᠠᠷᠢᠯᠴᠠᠨ ᠬᠥᠳᠡᠯᠦᠯᠴᠡᠬᠦ ᠬᠡᠯᠪᠡᠷᠢ ᠶᠢᠨ᠂ ᠵᠢᠪᠦᠭᠰᠡᠨ ᠬᠡᠯᠪᠡᠷᠢ ᠶᠢᠨ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠥᠳᠡᠯᠦᠯᠴᠡᠬᠦ ᠲᠠᠪᠴᠠᠩ ᠢ ᠪᠠᠶᠢᠭᠤᠯᠵᠤ ᠥᠭᠴᠡᠢ᠃      ᠲᠤᠰ ᠤᠳᠠᠭ᠎ᠠ ᠶᠢᠨ ᠠᠵᠢᠯᠯᠠᠭ᠎ᠠ ᠶᠢ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠬᠤᠷᠢᠶ᠎ᠠ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠢᠶ᠎ᠠ᠂ ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠭᠤᠣᠯᠯᠠᠨ ᠡᠷᠬᠢᠯᠡᠵᠦ︔ ᠴᠢᠩᠱᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠴᠢᠩᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠴᠢᠩᠱᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠥᠷ ᠮᠣᠩᠭᠤᠯ ᠤᠨ ᠵᠥᠩ ᠴᠢᠩ ᠢᠷᠡᠭᠡᠳᠦᠢ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᡁᠢ ᠬᠤᠢ ᠬᠠᠢ ︵ᠥᠪᠥᠷ ᠮᠣᠩᠭᠤᠯ︶ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠢᠩᠱᠠᠨ ᠲᠣᠭᠤᠷᠢᠭ ᠤᠨ ᠨᠠᠮ ᠤᠨ ᠪᠠᠶᠢᠭᠤᠯᠤᠯᠲᠠ· ᠬᠠᠶᠢᠷ᠎ᠠ ᠬᠠᠯᠠᠮᠵᠢ ᠨᠡᠶᠢᠲᠡ ᠶᠢᠨ ᠠᠰᠠᠷᠠᠮᠵᠢ ᠶᠢᠨ ᠴᠤᠭᠯᠠᠭᠠᠨ ᠤ ᠬᠠᠮᠵᠢᠯᠴᠠᠭᠠᠨ ᠤ ᠠᠯᠪᠠᠨ ᠭᠡᠷ ᠠᠴᠠ ᠬᠠᠮᠵᠢᠯᠴᠠᠨ ᠡᠷᠬᠢᠯᠡᠪᠡ᠃      ᠲᠤᠬᠠᠢ ᠶᠢᠨ ᠲᠠᠯᠠᠪᠠᠢ ᠳᠤ᠂ ᠵᠠᠯᠠᠭᠤᠴᠤᠳ ᠤᠨ ᠨᠡᠶᠢᠭᠡᠮᠯᠢᠭ ᠵᠢᠴᠢ ᠨᠡᠶᠢᠭᠡᠮ ᠲᠣᠭᠤᠷᠢᠭ ᠤᠨ ᠤᠷᠠᠯᠢᠭ ᠤᠨ ᠨᠡᠶᠢᠭᠡᠮᠯᠢᠭ ᠤᠨ ᠭᠤᠶᠢᠳᠠ ᠰᠠᠶᠢᠬᠠᠨ ᠲᠣᠭᠯᠠᠯᠲᠠ ᠶᠢ ᠵᠠᠯᠭᠠᠭ᠎ᠠ ᠪᠠᠷ  ᠲᠤᠭᠯᠠᠪᠠ᠃ ᠡᠭᠦᠨ ᠠᠴᠠ ᠭᠠᠳᠠᠨ᠎ᠠ ᠪᠠᠰᠠ ᠠᠯᠪᠠᠨ ᠵᠢᠷᠤᠮ ᠤᠨ ᠡᠮᠴᠢᠯᠡᠭᠡᠨ ᠤ ᠲᠣᠭᠤᠷᠢᠭ᠂ ᠰᠣᠶᠣᠯ ᠤᠨ ᠦᠵᠡᠭᠦᠯᠦᠯᠭᠡ ᠶᠢᠨ ᠲᠣᠭᠤᠷᠢᠭ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠣᠭᠤᠷᠢᠭ ᠵᠡᠷᠭᠡ ᠶᠢ ᠪᠠᠭᠲᠠᠭᠠᠭᠰᠠᠨ ᠠᠮᠢᠳᠤᠷᠠᠯ ᠤᠨ ᠴᠤᠭᠯᠠᠭ᠎ᠠ ᠮᠠᠶᠢᠮᠠᠢ ᠭᠠᠷᠭᠠᠵᠠᠢ᠃      ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠳᠤ ᠬᠥᠮᠥᠨ ᠪᠦᠬᠦᠨ ᠣᠷᠣᠯᠴᠠᠵᠤ ᠪᠣᠯᠣᠨ᠎ᠠ᠂ ᠬᠥᠮᠥᠨ ᠪᠦᠬᠦᠨ ᠠᠵᠢᠯᠯᠠᠭ᠎ᠠ ᠠᠪᠴᠤ ᠪᠣᠯᠣᠨ᠎ᠠ᠃ ︽ᠡᠶᠡᠯᠳᠡᠭ ᠬᠥᠷᠰᠢ ᠶᠢᠨ ᠪᠠᠶᠠᠷ︾ ᠪᠣᠯ ᠬᠥᠮᠥᠰ ᠤᠨ ᠰᠡᠳᠬᠢᠯ ᠰᠠᠨᠠᠭ᠎ᠠ ᠶᠢ ᠨᠡᠪᠲᠡᠷᠡᠯᠴᠡᠭᠦᠯᠬᠦ ᠬᠥᠭᠦᠷᠭᠡ᠂ ᠲᠡᠷᠡ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠳᠣᠲᠣᠨᠣᠰᠤᠭ ᠬᠦᠴᠦᠨ᠂ ᠨᠢᠭᠲᠠᠷᠠᠯ ᠤᠨ ᠬᠦᠴᠦᠨ ᠢ ᠴᠢᠩᠭᠠᠳᠬᠠᠳᠠᠭ᠃ ᠳᠠᠷᠠᠭᠠᠴᠢ ᠶᠢᠨ ᠠᠯᠬᠤᠮ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠵᠥᠪᠯᠡᠯ ᠵᠢᠴᠢ ᠬᠤᠰᠢᠭᠤᠴᠢ ᠵᠠᠮ ᠤᠨ ᠵᠡᠭᠡᠯᠢ ᠭᠤᠳᠤᠮᠵᠢ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠲᠠᠶᠢᠴᠢᠯᠠᠵᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠡᠬᠢ ᠪᠠᠶᠠᠯᠢᠭ ᠢᠶᠠᠨ ᠬᠠᠷᠢᠯᠴᠠᠨ ᠨᠡᠪᠲᠡᠷᠡᠯᠴᠡᠬᠦ᠂ ᠰᠡᠳᠬᠢᠯ ᠢᠶᠠᠨ ᠳᠤᠯᠠᠭᠠᠴᠠᠭᠤᠯᠤᠨ ᠦᠢᠯᠡᠴᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠡᠰᠢᠵᠢᠭᠰᠡᠨ᠂ ᠥᠪᠡᠷᠮᠢᠴᠡ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠡᠯ᠎ᠡ ᠵᠦᠢᠯ ᠤᠨ ᠬᠦᠴᠦᠨ ᠢ ᠨᠢᠭᠲᠠᠷᠠᠭᠤᠯᠤᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠭᠤᠯᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠢ ᠲᠠᠰᠤᠷᠠᠯᠳᠡ ᠦᠭᠡᠢ ᠠᠬᠢᠭᠤᠯᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号