ᠴᠢᠩᠱᠠᠨ ᠲᠣᠭᠤᠷᠢᠭ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/20
      3 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ᠂ ᠬᠠᠯᠠᠮᠰᠢᠯ ᠤᠲᠠᠰᠤᠨ ᠤ ᠬᠤᠪᠢᠶᠠᠷᠢ ᠲᠥᠪ ᠤᠨ ᠪᠥᠬᠦ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃     ᠬᠤᠷᠠᠯ ᠠᠴᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠪᠣᠯ ᠵᠠᠰᠠᠭ ᠤᠨ ᠣᠷᠳᠣᠨ ᠪᠣᠯᠣᠨ ᠣᠯᠠᠨ ᠲᠦᠮᠡᠨ ᠤ ︽ᠬᠤᠯᠪᠣᠯᠳᠤᠭᠰᠠᠨ ᠬᠥᠭᠦᠷᠭᠡ︾᠂ ᠨᠡᠶᠢᠭᠡᠮ ᠤᠨ ᠲᠣᠭᠲᠠᠭᠤᠨ ᠪᠠᠶᠢᠳᠠᠯ  ᠢ ᠬᠠᠮᠠᠭᠠᠯᠠᠬᠤ ︽ᠰᠡᠷᠭᠡᠶᠢᠯᠡᠯᠲᠡ  ᠶᠢᠨ ᠬᠡᠷᠡᠮ︾᠂ ᠰᠢᠯᠭᠠᠨ ᠪᠠᠶᠢᠴᠠᠭᠠᠬᠤ ᠠᠵᠢᠯ ᠤᠨ ︽ᠰᠢᠯᠭᠠᠭᠤᠷ︾ ᠮᠥᠨ᠃ 12345 ᠬᠠᠯᠠᠮᠰᠢᠯ ᠤᠲᠠᠰᠤ ᠪᠣᠯ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠬᠦᠰᠡᠨ ᠬᠦᠯᠢᠶᠡᠵᠦ ᠪᠠᠶᠢᠭ᠎ᠠ ᠠᠰᠠᠭᠤᠳᠠᠯ ᠢ ᠬᠤᠷᠠᠮᠳᠤᠭᠤᠯᠬᠤ ᠴᠢᠬᠤᠯᠠ ᠠᠷᠭ᠎ᠠ ᠵᠠᠮ ᠪᠠ ᠲᠠᠪᠴᠠᠩ᠂ ᠡᠯ᠎ᠡ ᠨᠢᠭᠡᠴᠡ ᠶᠢᠨ ᠭᠤᠣᠯ ᠤᠳᠤᠷᠢᠳᠤᠯᠭ᠎ᠠ 12345 ᠬᠠᠯᠠᠮᠰᠢᠯ ᠤᠲᠠᠰᠤ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠦᠨᠡᠨᠬᠦ ᠴᠢᠩᠭᠠᠳᠬᠠᠵᠤ᠂ ᠣᠪᠣᠷ ᠢᠶᠠᠷ ᠰᠠᠶᠢᠨ ᠪᠠᠶᠢᠬᠤ ᠶᠢ ᠪᠡᠶᠡᠯᠡᠭᠦᠯᠬᠦ ᠪᠠᠷ ᠪᠠᠷᠠᠬᠤ ᠦᠭᠡᠢ ᠨᠡᠩ ᠴᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠨ ᠭᠠᠷᠭᠠᠪᠠ᠃     ᠬᠤᠷᠠᠯ ᠠᠴᠠ᠂ ᠨᠢᠭᠡ ᠳᠤ ᠰᠤᠯᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠡ ᠨᠦᠭᠦᠳ ᠬᠠᠯᠠᠮᠰᠢᠯ ᠤᠲᠠᠰᠤᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ  ᠳᠤᠨᠢ ᠢᠯᠡᠷᠡᠭᠦᠯᠵᠦ᠂ ᠴᠠᠭ ᠲᠤᠬᠠᠢ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠵᠦ᠂ ᠪᠥᠬᠦ  ᠲᠤᠭᠤᠷᠢᠭ ᠤᠨ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠦᠭᠦᠳ ᠠᠵᠢᠯ ᠤᠨ ᠨᠡᠪᠲᠡᠷᠡᠯᠴᠡᠭᠡ ᠪᠠᠨ ᠴᠢᠩᠭᠠᠳᠬᠠᠵᠤ᠂ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠬᠠᠮᠲᠤᠪᠠᠷ ᠰᠠᠶᠢᠲᠤᠷ ᠭᠦᠢᠴᠡᠳᠬᠡᠬᠦ ᠬᠡᠷᠡᠭᠲᠡᠢ᠃ ᠬᠤᠶᠠᠷ ᠲᠤ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠡ ᠶᠢᠨ ᠬᠢᠨ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠳᠠᠭᠠᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠢᠯᠡᠷᠡᠭᠦᠯᠬᠦ ᠬᠡᠷᠡᠭᠲᠡᠢ᠃ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ᠂ ᠠᠵᠢᠯᠯᠠᠭᠠᠨ ᠨᠢ ᠤᠷᠤᠭᠰᠢᠲᠠᠢ᠂ ᠬᠦᠴᠦᠲᠡᠢ ᠪᠥᠭᠡᠳ ᠡᠮᠬᠢ ᠵᠢᠷᠤᠮ ᠲᠠᠢ ᠬᠠᠯᠠᠮᠰᠢᠯ ᠤᠲᠠᠰᠤᠨ ᠤ ᠠᠵᠢᠯ ᠤᠨ ᠰᠢᠰᠲ᠋ᠧᠮᠵᠢ ᠶᠢ ᠪᠣᠶ ᠪᠣᠯᠭᠠᠨ᠎ᠠ᠃ ᠭᠤᠷᠪᠠ ᠳᠤ ᠬᠠᠯᠠᠮᠰᠢᠯ ᠤᠲᠠᠰᠤ ᠶᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠲᠣᠭᠤᠷᠢᠭ ᠤᠨ ᠬᠠᠯᠠᠮᠰᠢᠯ ᠤᠲᠠᠰᠤᠨ ᠤ ᠬᠤᠪᠢᠶᠠᠷᠢ ᠲᠥᠪ ᠨᠢ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠨᠢᠭᠡᠪᠦᠷᠢ ᠳᠤ 100% ᠪᠠᠷ ᠬᠠᠷᠢᠭᠤ ᠰᠣᠷᠪᠤᠯᠵᠢᠯᠠᠭ᠎ᠠ ᠬᠢᠵᠦ᠂ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠭᠰᠡᠨ ᠪᠠᠶᠢᠳᠠᠯ ᠢ ᠴᠢᠩᠭ᠎ᠠ ᠪᠠᠶᠢᠴᠠᠭᠠᠵᠤ᠂ ᠡᠯ᠎ᠡ ᠨᠢᠭᠡᠴᠡ ᠨᠢ ᠳᠠᠭᠢᠵᠤ ᠭᠦᠢᠴᠡᠳᠬᠡᠬᠦ ᠬᠠᠭᠤᠳᠠᠰᠤ ᠶᠢ ᠡᠷᠬᠡᠪᠰᠢ ᠪᠡᠶ᠎ᠡ ᠪᠠᠷ ᠢᠶᠠᠨ ᠰᠤᠳᠤᠯᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢ ᠤᠷᠢᠳ ᠢᠶᠠᠷ ᠠᠵᠢᠯᠯᠠᠵᠤ᠂ ᠤᠲᠠᠰᠤ ᠢᠷᠡᠭᠰᠡᠳ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠨ᠂ ᠭᠡᠷ ᠲᠤᠨᠢ ᠬᠦᠷᠴᠦ ᠲᠠᠶᠢᠯᠪᠤᠷᠢᠯᠠᠬᠤ ᠴᠢᠬᠤᠯᠠᠲᠠᠢ ᠶᠢ ᠨᠢ ᠭᠡᠷ ᠲᠤᠨᠢ ᠬᠦᠷᠴᠦ ᠲᠠᠶᠢᠯᠪᠤᠷᠢᠯᠠᠵᠤ᠂ ᠬᠠᠨᠤᠮᠵᠢᠲᠠᠶ ᠨᠣᠷᠮ᠎ᠠ ᠪᠠ ᠰᠢᠢᠳᠪᠦᠷᠢᠯᠡᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠬᠠᠯᠠᠮᠰᠢᠯ ᠤᠲᠠᠰᠤᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠡ ᠶᠢᠨ ᠬᠢᠨ ᠲᠤᠰᠬᠠᠢ ᠬᠥᠮᠥᠨ ᠢ ᠲᠦᠷᠭᠡᠬᠡᠨ ᠲᠣᠳᠣᠷᠬᠠᠢ ᠪᠣᠯᠭᠠᠵᠤ᠂ ᠲᠤᠰᠬᠠᠢ ᠮᠡᠷᠭᠡᠵᠢᠯ ᠤᠨ ᠬᠦᠴᠦᠨ ᠢ ᠭᠦᠢᠴᠡᠳ ᠲᠣᠬᠢᠷᠠᠭᠤᠯᠤᠨ᠂ ᠠᠵᠢᠯ ᠤᠨ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠭᠦᠢᠴᠡᠳᠬᠡᠬᠦ ᠶᠠᠪᠤᠴᠠ ᠶᠢ ᠵᠢᠷᠤᠮᠵᠢᠭᠤᠯᠵᠤ᠂ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠴᠤ ᠲᠣᠰ ᠨᠢᠭᠡᠴᠡ ᠶᠢᠨ ᠢᠶᠠᠨ ᠬᠠᠯᠠᠮᠰᠢᠯ ᠤᠲᠠᠰᠤᠨ ᠤ ᠳᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ᠂ ᠡᠯ᠎ᠡ ᠨᠢᠭᠡᠴᠡ ᠨᠦᠭᠦᠳ ︽ᠳᠠᠭᠠᠬᠤ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠰᠢᠢᠳᠪᠦᠷᠢᠯᠡᠵᠦ ᠳᠠᠭᠤᠰᠬᠠᠬᠤ ᠨᠣᠷᠮ᠎ᠠ︾ ᠶᠢ ᠴᠢᠩᠭ᠎ᠠ ᠠᠩᠬᠠᠷᠴᠤ᠂ ᠬᠠᠯᠠᠮᠰᠢᠯ ᠤᠲᠠᠰᠤᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠠᠯᠠᠮᠰᠢᠯ ᠤᠲᠠᠰᠤᠨ ᠤ ᠳᠤᠭᠤᠶᠢᠯᠠᠩ ᠪᠤᠶᠤ ᠠᠵᠢᠯ ᠤᠨ ᠲᠤᠰᠬᠠᠢ ᠠᠩᠭᠢ ᠶᠢ ᠲᠦᠷᠭᠡᠬᠡᠨ ᠵᠣᠬᠢᠶᠠᠨ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠭᠦᠢᠴᠡᠳ ᠲᠣᠬᠢᠷᠠᠭᠤᠯᠤᠨ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠰ ᠨᠢᠭᠡᠴᠡ ᠶᠢᠨ ᠢᠶᠠᠨ ᠬᠢᠨᠠᠨ ᠰᠢᠯᠭᠠᠬᠤ ᠲᠣᠭᠲᠠᠴᠠ ᠶᠢ ᠲᠦᠷᠭᠡᠨ ᠪᠠᠶᠢᠭᠤᠯᠵᠤ᠂ ᠬᠠᠯᠠᠮᠰᠢᠯ ᠤᠲᠠᠰᠤᠨ ᠤ ᠠᠵᠢᠯᠯᠠᠭᠠᠨ ᠤ ᠭᠤᠭᠴᠤᠭ᠎ᠠ ᠪᠠ ᠴᠤᠪᠤᠷᠠᠯ ᠤᠨ ᠳᠦᠷᠢᠮ ᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ᠃ ᠣᠯᠠᠨ ᠤᠳᠠᠭ᠎ᠠ ᠬᠠᠷᠢᠭᠤ ᠰᠤᠷᠪᠤᠯᠵᠢᠯᠠᠭᠠᠳ ᠰᠢᠢᠳᠪᠦᠷᠢᠯᠡᠭᠰᠡᠨ ᠦᠭᠡᠢ᠂ ᠬᠠᠨᠤᠮᠵᠢ ᠦᠭᠡᠢ ᠠᠵᠢᠯ ᠤᠨ ᠬᠠᠭᠤᠳᠠᠰᠤ ᠶᠢ ᠪᠣᠯ᠂ ᠨᠢᠭᠡ ᠬᠡᠷᠡᠭ ᠢ ᠨᠢᠭᠡ ᠵᠥᠪᠯᠡᠬᠦ ᠵᠠᠷᠴᠢᠮ ᠶᠣᠰᠣᠭᠠᠷ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠦᠨᠵᠡᠭᠡᠢ ᠪᠠᠶᠢᠴᠠᠭᠠᠨ ᠣᠶᠢᠯᠠᠭᠠᠵᠤ᠂ ᠨᠠᠷᠢᠨ ᠬᠢᠨᠠᠮᠠᠭᠠᠢ ᠰᠢᠢᠳᠪᠦᠷᠢᠯᠡᠨ᠂ ᠣᠷᠳᠣ ᠬᠤᠭᠤᠴᠠᠭ᠎ᠠ ᠪᠠᠷ ᠤᠳᠠᠭᠠᠰᠢᠷᠠᠭᠤᠯᠬᠤ ᠪᠠᠶᠢᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠡᠭᠦᠨ ᠤ ᠬᠠᠮᠲᠤ᠂ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠣᠯᠠᠨ ᠰᠠᠯᠠᠭ᠎ᠠ ᠮᠥᠴᠢᠷ ᠤᠨ ᠬᠠᠮᠲᠤᠪᠠᠷ ᠭᠦᠢᠴᠡᠳᠬᠡᠬᠦ ᠪᠤᠶᠤ ᠡᠭᠦᠷᠭᠡ ᠴᠢᠳᠠᠪᠤᠷᠢ ᠨᠢ ᠰᠣᠯᠪᠢᠴᠠᠬᠤ ᠵᠦᠢᠯᠡᠰ ᠲᠤ ᠬᠤᠯᠪᠣᠭᠳᠠᠪᠠᠯ᠂ ᠲᠤᠭᠤᠷᠢᠭ ᠤᠨ ᠬᠠᠯᠠᠮᠰᠢᠯ ᠤᠲᠠᠰᠤᠨ ᠤ ᠬᠤᠪᠢᠶᠠᠷᠢ ᠲᠥᠪ ᠨᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠢᠳᠡᠪᠬᠢᠲᠡᠢ ᠪᠠᠷ ᠵᠥᠪᠳᠡᠯᠴᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号