ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠪᠤᠭᠤᠲᠤ ᠬᠤᠲᠠ ᠶᠢᠨ ᠴᠢᠩᠱᠠᠨ ᠵᠣᠴᠢᠳ ᠤᠨ | ᠪᠠᠭᠤᠳᠠᠯ ᠤᠨ ᠨᠢᠭᠡᠳᠦᠭᠡᠷ ᠨᠣᠮᠧᠷᠲᠤ ᠠᠰᠠᠷ ᠨᠢ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠤᠭᠲᠤᠯᠭ᠎ᠠ | ᠵᠠᠮ ᠤᠨ 1 ᠳ᠋ᠤᠭᠡᠷ ᠨᠣᠮᠧᠷᠲᠤ ᠴᠢᠩᠱᠠᠨ ᠵᠣᠴᠢᠳ ᠤᠨ ᠪᠠᠭᠤᠳᠠᠯ ᠤᠨ ᠬᠦᠷᠢᠶᠡᠨ ᠳᠤ ᠪᠠᠶᠢᠷᠢᠯᠠᠵᠤ᠂ ᠴᠢᠬᠤᠯᠠ | ᠳᠤᠷᠠᠰᠬᠠᠯ ᠤᠨ ᠠᠴᠢ ᠬᠤᠯᠪᠣᠭᠳᠠᠯ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠴᠢ | ᠬᠤᠯᠪᠣᠭᠳᠠᠯ ᠲᠠᠢ ᠶᠤᠮ᠃ ᠪᠤᠭᠤᠲᠤ ᠬᠤᠳᠠ ᠶᠢᠨ ᠴᠢᠩᠱᠠᠨ ᠵᠣᠴᠢᠳ ᠤᠨ ᠪᠠᠭᠤᠳᠠᠯ ᠤᠨ ᠨᠢᠭᠡᠳᠦᠭᠡᠷ ᠨᠣᠮᠧᠷᠲᠤ | ᠠᠰᠠᠷ᠂ ᠪᠠᠰᠠ ᠢ ᠪᠢᠨ ᠠᠰᠠᠷ ᠭᠡᠳᠡᠭ᠃ 1957 ᠣᠨ ᠳᠤ ᠡᠬᠢᠯᠡᠨ ᠪᠠᠶᠢᠭᠤᠯᠵᠤ᠂ 1959 ᠣᠨ ᠳᠤ ᠪᠠᠶᠢᠭᠤᠯᠤᠨ | ᠳᠠᠭᠤᠰᠴᠦ᠂ 5000 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠶ᠂ ᠲᠣᠭᠤᠰᠬ᠎ᠠ ᠮᠣᠳᠣᠨ ᠤ ᠪᠦᠲᠦᠴᠡ ᠲᠠᠢ᠂ | ᠬᠠᠪᠲᠠᠭᠠᠢ ᠨᠢ ︽ᠬᠤᠲᠣᠩ ᠤᠨ ᠬᠡᠯᠪᠡᠷᠢ︾ ᠶᠢᠨ ᠪᠦᠲᠦᠴᠡ ᠲᠠᠢ᠂ ᠳᠤᠮᠳᠠᠳᠤ ᠶᠢᠨ ᠴᠡᠴᠡᠷᠯᠢᠭ ᠤᠨ ᠮᠠᠶ᠋ᠢᠭ ᠤᠨ ᠬᠡᠪ | ᠨᠠᠮᠪᠠ ᠲᠠᠢ ᠵᠣᠴᠢᠳ ᠤᠨ ᠪᠠᠭᠤᠳᠠᠯ ᠪᠠᠶᠢᠵᠤ᠂ ᠪᠠᠷᠢᠯᠭ᠎ᠠ ᠨᠢ ᠪᠣᠷᠣᠭᠵᠢᠭᠤᠨ ᠡᠷᠬᠢᠮᠰᠦᠭ᠂ ᠬᠦᠷᠢᠶ᠎ᠡ ᠬᠠᠰᠢᠶ᠎ᠠ ᠨᠢ | ᠭᠤᠶᠣ ᠰᠠᠶᠢᠬᠠᠨ ᠪᠠᠶᠢᠳᠠᠭ᠃ | 1959 ᠣᠨ ᠤ 10 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠳᠡᠳ᠋ ᠲᠡᠷᠢᠭᠦᠯᠡᠭᠴᠢ᠂ ᠤᠯᠤᠰ ᠤᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ᠂ ᠲᠥᠷᠥ ᠶᠢᠨ | ᠤᠯᠤᠰ ᠤᠨ ᠬᠠᠮᠠᠭᠠᠯᠠᠯᠲᠠ ᠶᠢᠨ ᠵᠥᠪᠯᠡᠯ ᠤᠨ ᠳᠡᠳ᠋ ᠲᠡᠷᠢᠭᠦᠯᠡᠭᠴᠢ᠂ ᠤᠯᠤᠰ ᠤᠨ ᠶᠠᠪᠤᠳᠠᠯ ᠤᠨ ᠬᠤᠷᠢᠶᠠᠨ ᠤ ᠳᠡᠳ᠋ | ᠶᠡᠷᠦᠩᠬᠡᠢ ᠰᠠᠶᠢᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠤᠭᠤᠲᠤ ᠶᠢᠨ ᠪᠣᠯᠣᠳ | ᠲᠡᠮᠦᠷ ᠤᠨ ᠺᠣᠮᠫᠠᠨᠢ ᠶᠢᠨ ᠨᠢᠭᠡᠳᠦᠭᠡᠷ ᠥᠨᠳᠥᠷ ᠵᠤᠤᠬ᠎ᠠ ᠶᠢᠨ ᠲᠡᠮᠦᠷ ᠭᠠᠷᠭᠠᠵᠤ ᠲᠤᠤᠵᠠ ᠬᠠᠶᠢᠴᠢᠯᠠᠬᠤ | ᠶᠣᠰᠣᠯᠠᠯ ᠳᠤ ᠣᠷᠣᠯᠴᠠᠵᠤ᠂ ᠲᠤᠰ ᠤᠳᠠᠭ᠎ᠠ ᠪᠤᠭᠤᠲᠤ ᠳᠤ ᠠᠶᠢᠯᠴᠢᠯᠠᠬᠤ ᠳᠠᠭᠠᠨ ᠪᠤᠭᠤᠲᠤ ᠶᠢᠨ ᠴᠢᠩᠱᠠᠨ | ᠵᠣᠴᠢᠳ ᠤᠨ ᠪᠠᠭᠤᠳᠠᠯ ᠤᠨ ᠨᠢᠭᠡᠳᠦᠭᠡᠷ ᠨᠣᠮᠧᠷᠲᠤ ᠠᠰᠠᠷ ᠤᠨ 1101 ᠦᠷᠦᠭᠡ ᠳᠤ ᠰᠠᠭᠤᠵᠦ᠂ ᠦᠷᠦᠭᠡ ᠳᠤ | ᠲᠤᠬᠠᠢ ᠶᠢᠨ ᠵᠢᠯ ᠳᠤ ᠬᠡᠷᠡᠭᠯᠡᠵᠦ ᠪᠠᠶᠢᠭᠰᠠᠨ ᠪᠢᠴᠢᠭ ᠤᠨ ᠰᠢᠷᠡᠭᠡ᠂ ᠲᠦᠰᠢᠯᠭᠡᠲᠦ ᠰᠠᠨᠳᠠᠯᠢ᠂ ᠬᠤᠶᠠᠷ ᠬᠥᠮᠥᠨ ᠤ | ᠣᠷᠣ ᠪᠣᠯᠣᠨ ᠪᠢᠴᠢᠭ ᠤᠨ ᠦᠷᠦᠭᠡ ᠶᠢᠨ ᠲᠦᠷᠪᠡᠨ ᠡᠷᠳᠡᠨᠢ ᠶᠢ ᠬᠠᠳᠠᠭᠠᠯᠠᠭᠰᠠᠭᠠᠷ᠂ ᠡᠨᠡ ᠨᠢ ᠴᠢᠬᠤᠯᠠ | ᠳᠤᠷᠠᠰᠬᠠᠯ ᠤᠨ ᠠᠴᠢ ᠬᠤᠯᠪᠣᠭᠳᠠᠯ ᠲᠠᠢ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠴᠢ | ᠬᠤᠯᠪᠣᠭᠳᠠᠯ ᠲᠠᠢ ᠶᠤᠮ᠃ | | | | | | | | | | |