︽ᠰᠤᠷᠭᠠᠨ ᠬᠥᠮᠦᠵᠢᠯ ᠢ ᠬᠠᠯᠠᠭᠤᠨ ᠳᠤᠯᠠᠭᠠᠨ᠂ ᠵᠢᠭᠠᠨ ᠰᠤᠷᠭᠠᠯᠲᠠ ᠶᠢ ᠥᠨᠳᠥᠷ ᠲᠦᠪᠰᠢᠨ ᠲᠠᠢ᠂ ᠵᠢᠭᠠᠨ | ᠰᠤᠷᠭᠠᠯᠲᠠ ᠰᠤᠳᠤᠯᠭᠠᠨ ᠢ ᠭᠦᠨᠴᠡ ᠲᠠᠢ ᠪᠣᠯᠭᠠᠬᠤ︾ ᠤᠭ ᠰᠠᠨᠠᠭ᠎ᠠ ᠪᠠ ᠬᠠᠶᠢᠷ᠎ᠠ ᠰᠡᠳᠬᠢᠯᠭᠡ ᠶᠢ ᠢᠯᠡᠷᠡᠭᠦᠯᠬᠦ ᠶᠢᠨ | ᠲᠥᠯᠥᠭᠡ᠂ ᠡᠨᠡ ᠵᠢᠯ ᠰᠤᠷᠭᠠᠭᠤᠯᠢ ᠡᠬᠢᠯᠡᠭᠰᠡᠨ ᠠᠴᠠ ᠨᠠᠰᠢ᠂ ᠴᠢᠩᠱᠠᠨ ᠲᠣᠭᠤᠷᠢᠭ ᠤᠨ 202 ᠳᠤᠮᠳᠠᠳᠤ | ᠰᠤᠷᠭᠠᠭᠤᠯᠢ ᠨᠠᠷᠢᠨ ᠵᠦᠢᠯᠡᠰ ᠲᠤ ᠠᠩᠬᠠᠷᠤᠯ ᠢᠶᠠᠨ ᠲᠦᠪᠯᠡᠷᠡᠭᠦᠯᠬᠦ ᠪᠠᠷ ᠳᠠᠮᠵᠢᠨ ᠪᠦᠬᠦ ᠲᠠᠯ᠎ᠠ ᠶᠢᠨ︽ᠨᠠᠷᠢᠯᠢᠭ︾ ᠢ | ᠠᠳᠬᠤᠵᠦ᠂ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ︾ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ᠂ | ︽ᠤᠨᠢᠨ ᠳᠡᠭᠡᠷ᠎ᠡ ᠨᠢ ᠠᠳᠬᠤᠬᠤ︾ ᠠᠴᠠ ︽ᠬᠥᠮᠥᠨ ᠢᠶᠠᠷ ᠦᠨᠳᠦᠰᠦ ᠪᠣᠯᠭᠠᠬᠤ︾ ᠪᠠᠷ ᠲᠡᠰ ᠳᠡᠪᠰᠢᠭᠦᠯᠬᠦ ᠶᠢ | ᠠᠬᠢᠭᠤᠯᠬᠤ᠂ ︽ᠭᠤᠷᠪᠠᠨ ᠨᠠᠷᠢᠯᠢᠭ︾ ᠤᠨ ᠬᠠᠮᠢᠶᠠᠷᠤᠯᠲᠠ ᠶᠢ ᠰᠤᠷᠭᠠᠨ ᠬᠥᠮᠦᠵᠢᠯ ᠤᠨ ᠡᠯ᠎ᠡ ᠭᠤᠭᠴᠤᠭ᠎ᠠ ᠳᠤ | ᠨᠡᠪᠴᠢᠭᠦᠯᠵᠦ᠂ ︽ᠤᠷᠢᠳᠴᠢᠯᠠᠨ ᠪᠣᠯᠵᠣᠵᠤ ᠬᠢᠴᠢᠶᠡᠯ ᠦᠨᠡᠯᠡᠬᠦ ᠶᠢ ᠰᠣᠨᠣᠰᠬᠤ︾ ︽ᠪᠢᠴᠢᠯ︾ ᠥᠭᠡᠷᠡᠴᠢᠯᠡᠯᠲᠡ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠲᠡᠰ ᠳᠡᠪᠰᠢᠬᠦ ᠶᠢ ᠪᠡᠶᠡᠯᠡᠭᠦᠯᠵᠡᠢ᠃ | ᠨᠠᠷᠢᠨ ᠨᠢᠮᠪᠠᠢ ︽ᠬᠠᠯᠠᠮᠵᠢᠯᠠᠯ︾ ᠲᠠᠢ ᠪᠠᠶᠢᠵᠤ᠂ ᠬᠢᠴᠢᠶᠡᠯ ᠤᠨ ᠦᠨᠡᠨᠯᠡᠯᠲᠡ ᠶᠢ ᠰᠣᠨᠣᠰᠬᠤ ᠳᠤ ︽ᠬᠠᠯᠠᠭᠤᠨ | ᠳᠤᠯᠠᠭᠠᠨ︾ ᠪᠠᠶᠢᠯᠭᠠᠨ᠎ᠠ᠃ ᠬᠢᠴᠢᠶᠡᠯ ᠤᠨ ᠲᠠᠩᠬᠢᠮ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ︽ᠭᠤᠣᠯ ᠵᠢᠭᠰᠠᠭᠠᠯ ᠤᠨ ᠭᠠᠵᠠᠷ︾ ᠮᠥᠨ᠃ ᠰᠤᠷᠭᠠᠭᠤᠯᠢ ᠶᠢᠨ ᠬᠢᠨ ︽ᠤᠷᠢᠳᠴᠢᠯᠠᠨ ᠪᠣᠯᠵᠣᠵᠤ | ᠬᠢᠴᠢᠶᠡᠯ ᠤᠨ ᠦᠨᠡᠨᠯᠡᠯᠲᠡ ᠶᠢ ᠰᠣᠨᠣᠰᠬᠤ︾ ᠬᠡᠯᠪᠡᠷᠢ ᠶᠢᠨ ᠥᠭᠡᠷᠡᠴᠢᠯᠡᠯᠲᠡ ᠶᠢᠨ ᠲᠤᠬᠠᠢ ᠭᠦᠨᠵᠡᠭᠡᠢ ᠰᠤᠳᠤᠯᠤᠨ | ᠶᠠᠷᠢᠯᠴᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠵᠢᠯ ᠤᠨ | ᠶᠠᠪᠤᠴᠠ ᠶᠢᠨ ᠳᠦᠷᠢᠮ ᠢ ᠲᠣᠳᠣᠷᠬᠠᠢ ᠪᠣᠯᠭᠠᠵᠠᠢ᠃ ᠰᠤᠷᠭᠠᠭᠤᠯᠢ ᠠᠴᠠ ︽ᠤᠷᠢᠳᠴᠢᠯᠠᠨ ᠪᠣᠯᠵᠣᠵᠤ ᠬᠢᠴᠢᠶᠡᠯ ᠤᠨ | ᠦᠨᠡᠨᠯᠡᠯᠲᠡ ᠶᠢ ᠰᠣᠨᠣᠰᠬᠤ︾ ᠪᠠᠷ ︽ᠬᠢᠴᠢᠶᠡᠯ ᠲᠠᠨᠢᠯᠴᠠᠭᠤᠯᠬᠤ︾ ᠶᠢ ᠣᠷᠣᠯᠠᠭᠤᠯᠬᠤ ᠶᠢᠨ ᠵᠣᠷᠢᠯᠭ᠎ᠠ ᠨᠢ | ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠶᠢ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠪᠠᠭᠰᠢ ᠶᠢ | ᠭᠦᠢᠴᠡᠳ ᠬᠦᠨᠳᠦᠳᠬᠡᠨ᠂ ᠪᠠᠭᠰᠢ ᠶᠢᠨ ᠳᠠᠯᠳᠠ ᠴᠢᠳᠠᠪᠤᠷᠢ ᠶᠢ ᠢᠯᠡᠷᠡᠭᠦᠯᠵᠦ᠂ ᠪᠠᠭᠰᠢ ᠨᠢᠭᠡᠪᠦᠷᠢ ᠳᠤ ᠨᠠᠷᠢᠨ ᠨᠢᠮᠪᠠᠢ | ᠪᠡᠯᠡᠳᠬᠡᠭᠰᠡᠨ ᠴᠢᠨᠠᠷ ᠰᠠᠶᠢᠲᠠᠢ ᠬᠢᠴᠢᠶᠡᠯ ᠤᠨ ᠲᠠᠩᠬᠢᠮ ᠤᠨ ᠪᠠᠶᠠᠷ ᠪᠠᠶᠠᠰᠤᠯ ᠢ ᠡᠳ᠋ᠯᠡᠭᠦᠯᠬᠦ ᠶᠢᠨ ᠲᠥᠯᠥᠭᠡ ᠶᠤᠮ᠃ | ᠬᠢᠴᠢᠶᠡᠯ ᠰᠣᠨᠣᠰᠬᠤ ᠳᠤᠮᠳᠠ ᠪᠠᠨ ᠪᠠᠭᠰᠢ ᠶᠢᠨ ᠦᠨᠡᠨ ᠪᠣᠳᠠᠲᠠᠢ ᠵᠢᠭᠠᠨ ᠰᠤᠷᠭᠠᠯᠲᠠ ᠶᠢᠨ ᠬᠢᠷᠢ ᠲᠦᠪᠰᠢᠨ ᠢ | ᠣᠶᠢᠯᠠᠭᠠᠵᠤ᠂ ᠰᠣᠷᠣᠭᠴᠢ ᠶᠢᠨ ᠰᠤᠷᠤᠯᠭ᠎ᠠ ᠶᠢᠨ ᠦᠷ᠎ᠡ ᠪᠦᠲᠦᠮᠵᠢ ᠶᠢ ᠣᠯᠵᠤ᠂ ᠪᠠᠭᠰᠢ ᠶᠢᠨ ᠵᠢᠭᠠᠨ ᠰᠤᠷᠭᠠᠯᠲᠠ ᠶᠢᠨ | ᠪᠤᠶᠢᠵᠢᠯᠲᠠ᠂ ᠠᠩᠭᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠵᠦ᠂ ᠡᠭᠦᠨ ᠤ ᠤᠯᠠᠮ ᠢᠶᠠᠷ ᠬᠢᠴᠢᠶᠡᠯ ᠤᠨ ᠳᠠᠷᠠᠭᠠᠬᠢ ᠵᠢᠭᠠᠨ ᠰᠤᠷᠭᠠᠯᠲᠠ ᠪᠠ ᠰᠣᠷᠣᠭᠴᠢ ᠶᠢᠨ | ᠬᠠᠮᠢᠶᠠᠷᠤᠯᠲᠠ ᠶᠢᠨ ᠳᠤᠮᠳᠠ ᠰᠠᠶ᠋ᠢ ᠠᠰᠠᠭᠤᠳᠠᠯ ᠳᠤ ᠰᠢᠭᠤᠳ ᠬᠠᠨᠳᠤᠵᠤ᠂ ᠠᠷᠭ᠎ᠠ ᠶᠢ ᠡᠷᠢᠨ ᠣᠯᠵᠤ᠂ ᠨᠠᠷᠢᠯᠢᠭ | ᠤᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠴᠢᠳᠠᠨ᠎ᠠ᠃ | ᠨᠠᠷᠢᠯᠢᠭ ᠤᠨᠤᠪᠴᠢᠲᠠᠢ ᠪᠠᠷ ᠤᠷᠢᠳᠴᠢᠯᠠᠨ ᠪᠣᠯᠵᠣᠵᠤ᠂ ᠬᠢᠴᠢᠶᠡᠯ ᠦᠨᠡᠯᠡᠬᠦ ᠶᠢ ᠰᠣᠨᠣᠰᠬᠤ ᠳᠤ ︽ᠴᠢᠭᠯᠡᠯ ᠲᠠᠢ︾ | ᠪᠤᠯᠭᠠᠨ᠎ᠠ᠃ ᠴᠠᠭ ᠤᠨ ᠲᠠᠯ᠎ᠠ ᠠᠴᠠ ᠠᠪᠴᠤ ᠬᠡᠯᠡᠪᠡᠯ᠂ ︽ᠤᠷᠢᠳᠴᠢᠯᠠᠨ ᠪᠣᠯᠵᠣᠬᠤ︾ ᠨᠢ ᠬᠢᠴᠢᠶᠡᠯ | ᠲᠠᠶᠢᠯᠪᠦᠷᠢᠯᠠᠭᠴᠢᠳ ᠲᠤ ᠭᠦᠢᠴᠡᠳ ᠪᠡᠯᠡᠳᠬᠡᠬᠦ ᠴᠠᠭ ᠢ ᠣᠯᠭᠤᠨ᠎ᠠ︔ ᠰᠡᠳᠬᠢᠴᠡ ᠶᠢᠨ ᠲᠠᠯ᠎ᠠ ᠠᠴᠠ ᠠᠪᠴᠤ ᠬᠡᠯᠡᠪᠡᠯ᠂ | ᠬᠢᠴᠢᠶᠡᠯ ᠲᠠᠶᠢᠯᠪᠦᠷᠢᠯᠠᠭᠴᠢᠳ ᠲᠤ ᠡᠷᠬᠡ ᠲᠡᠭᠰᠢ ᠪᠠ ᠬᠦᠨᠳᠦᠳᠬᠡᠯ ᠢ ᠣᠯᠭᠤᠵᠤ᠂ ︽ᠡᠭᠦᠳᠡ ᠲᠦᠯᠬᠢᠨ ᠬᠢᠴᠢᠶᠡᠯ | ᠰᠣᠨᠣᠰᠬᠤ︾ ᠶᠢᠨ ᠭᠡᠨᠡᠳᠲᠡ ᠶᠢᠨ ᠬᠠᠷᠰᠢᠯᠠᠯ ᠠᠴᠠ ᠪᠣᠯᠤᠭᠰᠠᠨ ᠡᠪ ᠦᠭᠡᠢ ᠪᠠᠶᠢᠳᠠᠯ ᠢ ᠲᠡᠪᠴᠢᠭᠦᠯᠦᠨᠡ︔ | ᠲᠣᠬᠢᠷᠠᠭᠤᠯᠤᠯᠲᠠ ᠶᠢᠨ ᠲᠠᠯ᠎ᠠ ᠪᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠠᠨᠳᠤᠯᠭᠠᠲᠤ ᠴᠢᠨᠠᠷᠲᠠᠢ᠂ | ᠬᠠᠷᠠᠯᠲᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠤᠷᠢᠳᠴᠢᠯᠠᠨ ᠪᠣᠯᠵᠣᠬᠤ ᠬᠢᠴᠢᠶᠡᠯ ᠬᠢᠨ᠎ᠡ᠃ ᠡᠳᠦᠷ ᠪᠦᠷᠢ ᠶᠢᠨ | ᠤᠷᠢᠳᠴᠢᠯᠠᠨ ᠪᠣᠯᠵᠣᠬᠤ ᠬᠢᠴᠢᠶᠡᠯ ᠨᠢ ᠴᠥᠮ ᠠᠰᠠᠭᠤᠳᠠᠯ ᠤᠨ ᠤᠳᠤᠷᠢᠳᠤᠮᠵᠢ ᠳᠤ ᠰᠠᠭᠤᠷᠢᠯᠠᠨ᠂ ᠨᠢᠭᠡᠳᠦᠯᠲᠡᠢ | ᠲᠥᠯᠥᠪᠯᠡᠨ ᠪᠣᠳᠣᠯᠬᠢᠯᠠᠵᠤ᠂ ᠨᠠᠷᠢᠨ ᠨᠢᠮᠪᠠᠢ ᠲᠣᠬᠢᠷᠠᠭᠤᠯᠳᠠᠭ ᠪᠣᠯᠬᠤᠷ ᠬᠠᠷᠠᠯᠲᠠ ᠪᠠᠨ ᠪᠡᠶᠡᠯᠡᠭᠦᠯᠬᠦ ᠤᠬᠠᠮᠰᠠᠷ ᠨᠢ | ᠴᠥᠮ ᠮᠠᠰᠢ ᠢᠯᠡᠷᠬᠡᠢ ᠪᠠᠶᠢᠳᠠᠭ᠃ ᠡᠶᠢᠮᠦᠷᠬᠦ ᠬᠢᠴᠢᠶᠡᠯ ᠦᠨᠡᠯᠡᠬᠦ ᠠᠷᠭ᠎ᠠ ᠬᠡᠯᠪᠡᠷᠢ ᠨᠢ ᠪᠠᠭᠰᠢ ᠶᠢᠨ ᠲᠤᠰᠬᠠᠢ | ᠮᠡᠷᠭᠡᠵᠢᠯ ᠤᠨ ᠲᠦᠷᠭᠡᠨ ᠪᠤᠶᠢᠵᠢᠯᠲᠠ ᠶᠢ ᠬᠠᠪᠰᠤᠷᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ | ︽ᠬᠥᠮᠥᠨ ᠢ ᠬᠥᠮᠥᠵᠢᠭᠦᠯᠬᠦ︾ ᠠᠵᠢᠯ ᠢ ᠨᠠᠷᠢᠨ ᠨᠢᠮᠪᠠᠢ ᠬᠢᠵᠦ᠂ ᠬᠢᠴᠢᠶᠡᠯ ᠦᠨᠡᠯᠡᠬᠦ ᠶᠢ ᠰᠣᠨᠣᠰᠬᠤ ᠳᠤ | ︽ᠠᠭᠤᠯᠤᠭᠳᠠᠬᠤᠨ ᠲᠠᠢ︾ ᠪᠤᠯᠭᠠᠨ᠎ᠠ᠃ ︽ᠤᠷᠢᠳᠴᠢᠯᠠᠨ ᠪᠣᠯᠵᠣᠬᠤ ᠬᠢᠴᠢᠶᠡᠯ︾ ᠨᠢ ᠦᠵᠡᠬᠦ ᠳᠤ ᠵᠥᠪᠬᠡᠨ | ᠲᠣᠭᠤᠷᠢᠨ ᠬᠢᠴᠢᠶᠡᠯᠯᠡᠬᠦ ᠠᠷᠭ᠎ᠠ ᠮᠠᠶ᠋ᠢᠭ ᠢ ᠬᠤᠪᠢᠷᠠᠭᠤᠯᠤᠭᠰᠠᠨ ︽ᠪᠠᠭ᠎ᠠ︾ ᠬᠥᠳᠡᠯᠦᠯ ᠲᠡᠳᠦᠢ ᠪᠠᠶᠢᠵᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠳᠤᠮᠳᠠ ᠦᠨᠡᠬᠡᠷ ︽ᠶᠡᠭᠡ︾ ᠨᠥᠯᠥᠭᠡ ᠭᠠᠷᠭᠠᠭᠰᠠᠨ ᠪᠠᠶᠢᠨ᠎ᠠ᠃ | ᠰᠤᠷᠭᠠᠭᠤᠯᠢ ᠶᠢᠨ ᠠᠩᠬᠠᠨ ᠤ ᠪᠦᠯᠦᠭ ︽ᠤᠷᠢᠳᠴᠢᠯᠠᠨ ᠪᠣᠯᠵᠣᠬᠤ ᠬᠢᠴᠢᠶᠡᠯ︾ ᠤᠨ ᠪᠠᠭᠰᠢ ᠨᠠᠷ ᠬᠢᠴᠢᠶᠡᠯ ᠤᠨ | ᠳᠠᠷᠠᠭᠠᠬᠢ ᠬᠠᠷᠢᠭᠤ ᠲᠤᠰᠬᠠᠯ ᠳᠠᠭᠠᠨ᠄ ᠣᠯᠠᠨ ᠢᠶᠠᠷ ᠢᠶᠠᠨ ᠴᠥᠮ ᠡᠶᠢᠮᠦᠷᠬᠦ ᠬᠢᠴᠢᠶᠡᠯ ᠰᠣᠨᠣᠰᠬᠤ ᠬᠡᠯᠪᠡᠷᠢ ᠳᠤ ᠮᠠᠰᠢ | ᠳᠤᠷᠠᠲᠠᠢ ᠪᠠᠶᠢᠳᠠᠭ᠂ ︽ᠬᠢᠴᠢᠶᠡᠯ ᠲᠦᠯᠬᠢᠬᠦ︾ ᠲᠠᠢ ᠬᠠᠷᠢᠴᠠᠭᠤᠯᠪᠠᠯ᠂ ᠪᠠᠭᠰᠢ ᠨᠠᠷ ᠴᠠᠭ ᠤᠨ ᠲᠠᠯ᠎ᠠ ᠪᠠᠷ ᠭᠦᠢᠴᠡᠳ | ᠪᠡᠯᠡᠳᠬᠡᠯ ᠬᠢᠵᠦ ᠴᠢᠳᠠᠬᠤ ᠪᠠᠷ ᠪᠠᠷᠠᠬᠤ ᠦᠭᠡᠢ᠂ ᠨᠠᠩ ᠶᠡᠭᠡ ᠣᠶᠤᠨ ᠴᠢᠳᠠᠯ ᠢᠶᠠᠨ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠳᠤ ᠲᠠᠯᠪᠢᠵᠤ ᠪᠣᠯᠣᠨ᠎ᠠ ᠭᠡᠵᠦ ᠢᠯᠡᠷᠬᠡᠶᠢᠯᠡᠵᠡᠢ᠃ ᠡᠭᠦᠨ ᠤ ᠬᠠᠮᠲᠤ᠂ ᠬᠢᠴᠢᠶᠡᠯ ᠤᠨ ᠳᠠᠷᠠᠭ᠎ᠠ ᠴᠠᠭ | ᠲᠤᠬᠠᠢ ᠳᠤᠨᠢ ᠬᠢᠴᠢᠶᠡᠯ ᠶᠠᠷᠢᠬᠤ᠂ ᠦᠨᠡᠯᠡᠯᠲᠡ ᠬᠢᠬᠦ᠂ ᠰᠣᠯᠢᠯᠴᠠᠨ ᠵᠢᠯᠤᠭᠤᠳᠬᠤ ᠨᠢ ︽ᠤᠷᠢᠳᠴᠢᠯᠠᠨ ᠪᠣᠯᠵᠣᠵᠤ | ᠬᠢᠴᠢᠶᠡᠯ ᠤᠨ ᠦᠨᠡᠨᠯᠡᠯᠲᠡ ᠶᠢ ᠰᠣᠨᠣᠰᠬᠤ︾ ᠶᠢ ᠠᠭᠤᠯᠤᠭᠳᠠᠬᠤᠨ ᠲᠠᠢ ᠪᠣᠯᠭᠠᠵᠤ᠂ ᠬᠢᠴᠢᠶᠡᠯ ᠰᠣᠨᠣᠰᠬᠤ ᠳᠤ | ᠣᠷᠣᠯᠴᠠᠭᠰᠠᠨ ᠪᠠᠭᠰᠢ ᠵᠢᠴᠢ ᠤᠳᠤᠷᠢᠳᠤᠯᠭ᠎ᠠ ᠨᠠᠷ ᠬᠢᠴᠢᠶᠡᠯ ᠤᠨ ᠲᠠᠩᠬᠢᠮ ᠤᠨ ᠬᠠᠮᠢᠶᠠᠷᠤᠯᠲᠠ᠂ ᠬᠢᠴᠢᠶᠡᠯ ᠤᠨ | ᠠᠭᠤᠯᠭ᠎ᠠ᠂ ᠰᠤᠷᠤᠯᠭ᠎ᠠ ᠶᠢᠨ ᠦᠷ᠎ᠡ ᠪᠦᠲᠦᠮᠵᠢ ᠶᠢ ᠲᠡᠷᠡ ᠳᠠᠷᠤᠢ ᠳᠤᠨᠢ ᠬᠠᠷᠢᠭᠤ ᠲᠤᠰᠬᠠᠬᠤ ᠪᠠ ᠵᠢᠯᠤᠭᠤᠳᠤᠨ᠂ | ᠡᠨᠡ ᠨᠢ ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠪᠠ ᠬᠡᠪ ᠪᠣᠯᠪᠠᠰᠤᠷᠠᠯ ᠤᠨ ᠳᠡᠭᠡᠭᠰᠢᠯᠡᠯᠲᠡ ᠳᠤ ᠮᠠᠰᠢ | ᠶᠡᠭᠡ ᠬᠠᠪᠰᠤᠷᠤᠯᠭ᠎ᠠ ᠪᠣᠯᠬᠤ ᠶᠤᠮ᠃ | ᠬᠢᠴᠢᠶᠡᠯ ᠰᠣᠨᠣᠰᠬᠤ ᠠᠷᠭ᠎ᠠ ᠮᠠᠶ᠋ᠢᠭ ᠤᠨ ᠬᠤᠪᠢᠷᠠᠯᠲᠠ ᠪᠠ ᠰᠢᠨ᠎ᠡ ᠡᠭᠦᠳᠦᠯᠲᠡ ᠨᠢ ᠪᠠᠭᠰᠢ ᠶᠢᠨ ᠲᠤᠰᠬᠠᠢ | ᠮᠡᠷᠭᠡᠵᠢᠯ ᠤᠨ ᠪᠤᠶᠢᠵᠢᠯᠲᠠ ᠶᠢᠨ ᠬᠡᠷᠡᠭᠴᠡᠭᠡ ᠪᠣᠯᠬᠤ ᠪᠠᠷ ᠪᠠᠷᠠᠬᠤ ᠦᠭᠡᠢ᠂ ᠨᠠᠩ ᠴᠤ ᠰᠤᠷᠭᠠᠭᠤᠯᠢ ᠶᠢᠨ | ᠬᠠᠮᠢᠶᠠᠷᠤᠯᠲᠠ ᠶᠢᠨ ᠬᠠᠯᠠᠭᠤᠨ ᠳᠤᠯᠠᠭᠠᠨ ᠪᠠ ᠬᠠᠶᠢᠷ᠎ᠠ ᠰᠡᠳᠬᠢᠯᠭᠡ ᠶᠢ ᠬᠠᠷᠠᠭᠤᠯᠵᠤ ᠪᠠᠶᠢᠭ᠎ᠠ ᠶᠤᠮ᠃ | ᠰᠤᠷᠭᠠᠭᠤᠯᠢ ᠶᠢᠨ ᠬᠢᠨ ᠡᠨᠡ ᠬᠦ ︽ᠬᠠᠯᠠᠭᠤᠨ ᠳᠤᠯᠠᠭᠠᠨ︾ ᠶᠠᠷᠢᠯᠴᠠᠭ᠎ᠠ ᠪᠠ ᠰᠣᠯᠢᠯᠴᠠᠭ᠎ᠠ᠂ ᠬᠥᠲᠥᠯᠥᠨ ᠳᠠᠭᠠᠭᠤᠯᠬᠤ | ᠪᠠ ᠬᠠᠪᠰᠤᠷᠬᠤ ︽ᠤᠷᠢᠳᠴᠢᠯᠠᠨ ᠪᠣᠯᠵᠣᠵᠤ ᠬᠢᠴᠢᠶᠡᠯ ᠤᠨ ᠦᠨᠡᠨᠯᠡᠯᠲᠡ ᠶᠢ ᠰᠤᠨᠤᠰᠬᠤ︾ ᠶᠢ ᠬᠤᠶᠢᠰᠢᠳᠠ ᠶᠢᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠤᠣᠯᠳᠠᠯᠭ᠎ᠠ ᠲᠠᠢ ᠠᠵᠢᠯ ᠪᠣᠯᠭᠠᠨ ᠯᠠᠪᠳᠠᠭᠤᠨ ᠢᠶᠠᠷ ᠠᠬᠢᠭᠤᠯᠵᠤ᠂ | ᠬᠢᠴᠢᠶᠡᠯ ᠤᠨ ᠲᠠᠩᠬᠢᠮ ᠠᠴᠠ ᠦᠷ᠎ᠡ ᠪᠦᠲᠦᠮᠵᠢ ᠣᠯᠵᠤ᠂ ᠡᠩ ᠤᠨ ᠵᠤᠷᠰᠢᠯ ᠠᠴᠠ ᠶᠠᠰᠤ ᠴᠢᠨᠠᠷ ᠣᠯᠵᠤ᠂ | ᠬᠠᠮᠢᠶᠠᠷᠤᠯᠲᠠ ᠠᠴᠠ ᠳᠡᠭᠡᠭᠰᠢᠯᠡᠭᠦᠯᠵᠦ᠂ ᠰᠤᠷᠭᠠᠭᠤᠯᠢ ᠶᠢᠨ ᠴᠢᠨᠠᠷ ᠰᠠᠶᠢᠲᠠᠢ᠂ ᠲᠠᠪᠠᠯᠳᠠᠳᠤ ᠮᠠᠶ᠋ᠢᠭ ᠤᠨ | ᠠᠭᠤᠯᠤᠭᠳᠠᠬᠤᠨ ᠤ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠪᠣᠯᠣᠨ᠎ᠠ᠃ | |