1—2 ᠰᠠᠷ᠎ᠠ ᠳᠤ ᠴᠢᠩᠱᠠᠨ ᠲᠣᠭᠤᠷᠢᠭ ᠤᠨ ᠠᠵᠤ ᠠᠬᠤᠢ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2023/3/21
      2023 ᠣᠨ ᠳᠤ ᠣᠷᠣᠭᠰᠠᠨ ᠠᠴᠠ ᠨᠠᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠱᠠᠲᠤᠨ ᠳᠤ ᠣᠷᠣᠬᠤ ᠶᠢ ᠳᠠᠭᠠᠯᠳᠤᠨ᠂ ᠴᠢᠩᠱᠠᠨ ᠲᠣᠭᠤᠷᠢᠭ ᠤᠨ ᠠᠵᠤ ᠠᠬᠤᠢ ᠶᠢᠨ ᠪᠠᠶᠢᠳᠠᠯ ᠳᠤ ᠴᠤ ᠰᠢᠨ᠎ᠡ ᠬᠤᠪᠢᠷᠠᠯᠲᠠ ᠭᠠᠷᠴᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠤᠨ ᠳᠣᠣᠷ᠎ᠠ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠪᠠ᠃ 1 — 2 ᠰᠠᠷ᠎ᠠ ᠶᠢᠨ ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠬᠡᠷᠡᠭᠴᠡᠭᠡ ᠪᠠᠭᠠᠰᠬᠤ᠂ ᠬᠠᠩᠭᠠᠯᠭ᠎ᠠ ᠶᠢᠨ ᠳᠠᠭᠠᠷᠢᠯᠲᠠ ᠪᠠ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠶᠢᠨ ᠨᠥᠯᠥᠭᠡ ᠠᠴᠠ ᠪᠣᠯᠵᠤ᠂ ᠴᠢᠩᠱᠠᠨ ᠲᠣᠭᠤᠷᠢᠭ ᠤᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠠᠷᠤᠯᠲᠠ ᠲᠣᠪᠣᠶᠢᠮ᠎ᠠ ᠪᠠᠶᠢᠨ᠎ᠠ᠃      ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ  ᠤᠷᠤᠭᠰᠢᠯᠠᠵᠤ ᠪᠤᠢ᠃ 1 ︱ 2 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.6% ᠪᠠᠭᠤᠷᠠᠵᠤ᠂ 2022 ᠣᠨ ᠤ 12 ᠳ᠋ᠤᠭᠠᠷ ᠰᠠᠷ᠎ᠠ ᠶᠢᠨ ᠬᠢ ᠠᠴᠠ 34.5 ᠵᠠᠭᠤᠨ ᠤ ᠨᠢᠭᠡᠴᠢ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 8.2% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠦᠯᠵᠢᠶ᠎ᠡ ᠪᠠᠷ ᠰᠢᠭᠤᠳ ᠮᠡᠳᠡᠭᠦᠯᠬᠦ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 10.9% ᠪᠠᠭᠤᠷᠠᠪᠠ᠃ 14 ᠠᠵᠢᠯ ᠲᠦᠷᠦᠯ ᠤᠨ ᠳᠣᠲᠣᠷᠠᠬᠢ 6 ᠠᠵᠢᠯ ᠲᠦᠷᠦᠯ ᠤᠨ ᠦᠢᠯᠡᠳᠪᠦᠷᠢᠯᠡᠯ ᠨᠢ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠎ ᠨᠢ ᠵᠥᠪᠬᠡᠨ 42.9% ᠪᠠᠶᠢᠪᠠ᠃ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.3% ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠢ 5.4 ᠵᠠᠭᠤᠨ ᠤ ᠨᠢᠭᠡᠴᠢ ᠳᠠᠶᠢᠴᠢᠯᠠᠪᠠ᠃      ᠪᠡᠯᠡ ᠣᠷᠣᠭᠤᠯᠤᠯᠲᠠ ᠨᠢ ᠨᠡᠮᠡᠭᠳᠡᠯ ᠢ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠪᠠ᠃ 2 ᠰᠠᠷ᠎ᠠ ᠶᠢᠨ ᠡᠴᠦᠰ ᠪᠣᠯᠲᠠᠯ᠎ᠠ᠂ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 113%᠎ ᠪᠠᠷ ᠨᠡᠮᠡᠭᠳᠡᠵᠦ᠂ 2022 ᠣᠨ ᠤ 12 ᠰᠠᠷ᠎ᠠ ᠶᠢᠨ ᠬᠢ ᠠᠴᠠ 86.1 ᠵᠠᠭᠤᠨ ᠤ ᠨᠢᠭᠡᠴᠢ ᠲᠦᠷᠭᠡᠨ ᠪᠣᠯᠵᠤ᠂ ᠬᠤᠶᠠᠷ ᠵᠢᠯ ᠳᠤ ᠳᠤᠮᠳᠠᠴᠢ ᠪᠠᠷ 100.2%᠎ ᠢᠶᠠᠷ ᠨᠡᠮᠡᠭᠳᠡᠵᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠠᠴᠠ ᠦᠵᠡᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 68.5% ᠪᠠᠭᠤᠷᠠᠪᠠ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ 55.4% ᠨᠡᠮᠡᠭᠳᠡᠪᠡ︔ ᠪᠣᠷᠣᠯᠠᠭᠤᠯᠤᠯᠲᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 96.1%᠎ ᠪᠠᠷ ᠨᠡᠮᠡᠭᠳᠡᠪᠡ᠃ ᠠᠵᠤ ᠦᠢᠯᠡᠰ ᠤᠨ ᠪᠦᠲᠦᠴᠡ ᠠᠴᠠ ᠦᠵᠡᠪᠡᠯ᠂ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 2.7 ᠳᠠᠬᠢᠨ ᠨᠡᠮᠡᠭᠳᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢ 135.5 ᠵᠠᠭᠤᠨ ᠤ ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.9% ᠪᠠᠭᠤᠷᠠᠵᠤ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ 23.1 ᠵᠠᠭᠤᠨ ᠤ ᠨᠢᠭᠡᠴᠢ ᠨᠡᠮᠡᠭᠳᠡᠪᠡ᠃ ᠪᠡᠯᠡ ᠣᠷᠣᠭᠤᠯᠤᠯᠲᠠ ᠶᠢᠨ ᠪᠦᠬᠦᠯᠢ ᠴᠣᠭᠴᠠ ᠶᠢᠨ ᠬᠠᠨᠳᠤᠰᠢ ᠠᠴᠠ ᠦᠵᠡᠪᠡᠯ᠂ ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.7 ᠳᠠᠬᠢᠨ ᠨᠡᠮᠡᠭᠳᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 135.5 ᠵᠠᠭᠤᠨ ᠤ ᠨᠢᠭᠡᠴᠢ ᠳᠠᠶᠢᠴᠢᠯᠠᠪᠠ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.9 ᠲᠠᠬᠢᠨ ᠨᠡᠮᠡᠭᠳᠡᠪᠡ︔ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠪᠠᠭᠤᠷᠠᠪᠠ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.9%᠎ ᠪᠠᠷ ᠪᠠᠭᠤᠷᠠᠵᠤ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 17.4%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.7 ᠵᠠᠭᠤᠨ ᠤ ᠨᠢᠭᠡᠴᠢ ᠪᠠᠭᠤᠷᠠᠵᠤ᠂ ᠪᠡᠯᠡ ᠣᠷᠣᠭᠤᠯᠤᠯᠲᠠ ᠶᠢ 4.1 ᠵᠠᠭᠤᠨ ᠤ ᠨᠢᠭᠡᠴᠢ ᠪᠠᠭᠤᠷᠠᠭᠤᠯᠪᠠ᠃      ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠪᠡ᠃1 ︱ 2 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 44.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠨᠡᠮᠡᠭᠳᠡᠨ᠂ 2022 ᠣᠨ ᠤ 12 ᠳ᠋ᠤᠭᠠᠷ ᠰᠠᠷ᠎ᠠ ᠶᠢᠨ ᠬᠢ ᠠᠴᠠ 7.1 ᠵᠠᠭᠤᠨ ᠤ ᠨᠢᠭᠡᠴᠢ ᠲᠦᠷᠭᠡᠨ ᠪᠣᠯᠵᠤ᠂ ᠬᠤᠶᠠᠷ ᠵᠢᠯ ᠳᠤ ᠳᠤᠮᠳᠠᠴᠢ ᠪᠠᠷ 3.8% ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠪᠣᠷᠤᠯᠠᠭᠤᠯᠭ᠎ᠠ ᠶᠢᠨ ᠪᠦᠷᠢᠳᠬᠡᠯ ᠳᠠᠬᠢ 19 ᠲᠦᠷᠦᠯ ᠤᠨ ᠲᠠᠸᠠᠷ ᠤᠨ ᠳᠣᠲᠣᠷᠠᠬᠢ 11 ᠲᠦᠷᠦᠯ ᠤᠨ ᠲᠠᠸᠠᠷ ᠨᠢ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 57.9%᠎ ᠳᠤ ᠬᠦᠷᠴᠡᠢ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠦᠷᠭᠦᠯᠵᠢᠯᠡᠨ ᠨᠡᠮᠡᠭᠳᠡᠯ ᠢᠶᠠᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 10.4%᠎ ᠪᠠᠷ ᠨᠡᠮᠡᠭᠳᠡᠪᠡ᠃ ᠬᠦᠷᠦᠯᠴᠡᠬᠦ ᠬᠡᠯᠪᠡᠷᠢ ᠶᠢᠨ ᠬᠡᠷᠡᠭᠯᠡᠭᠡ ᠲᠦᠷᠭᠡᠨ ᠢᠶᠠᠷ ᠰᠠᠶᠢᠵᠢᠷᠠᠵᠤ᠂ ᠬᠤᠪᠴᠠᠰᠤ ᠱᠠᠬᠠᠢ ᠮᠠᠯᠠᠭᠠᠢ ᠵᠡᠭᠦᠦ ᠶᠢᠨ ᠨᠡᠬᠡᠮᠡᠯ ᠤᠨ ᠲᠥᠷᠥᠯ᠂ ᠠᠷᠢᠬᠢ ᠲᠠᠮᠠᠬᠢᠨ ᠤ ᠲᠥᠷᠥᠯ᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠲᠣᠰ ᠲᠣᠰ 3.2%᠂ 18.1%᠂ 30.9%᠎ ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠪᠣᠷᠤᠯᠠᠭᠤᠯᠭ᠎ᠠ ᠶᠢᠨ ᠪᠠᠭᠤᠷᠠᠬᠤ ᠪᠠᠶᠢᠳᠠᠯ ᠪᠠᠭ᠋ᠠᠨ ᠤᠳᠠᠭᠠᠰᠢᠷᠠᠵᠤ᠂ ᠠᠳᠠᠯᠢ ᠬᠤᠭᠤᠴᠠᠭᠠᠨ ᠤ ᠬᠢ ᠠᠴᠠ 10.4%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.6 ᠵᠠᠭᠤᠨ ᠤ ᠨᠢᠭᠡᠴᠢ ᠪᠠᠭᠠᠰᠴᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号