ᠴᠢᠩᠱᠠᠨ ᠲᠣᠭᠤᠷᠢᠭ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ
ᠨᠡᠶᠢᠲᠡᠯᠡᠭᠰᠡᠨ ᠴᠠᠭ᠄
2023/3/21
      3 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠭᠤᠷᠢᠭ ‍ᠤᠨ‌ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠮ ᠤᠨ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ᠂ ᠠᠷᠠᠳᠴᠢᠯᠠᠯ ᠢᠶᠠᠷ ᠵᠥᠪᠯᠡᠬᠦ ᠬᠤᠷᠠᠯ ᠪᠠ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠷᠪᠠᠨ ᠱᠠᠲᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠪᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠤᠷᠤᠯᠴᠠᠨ ᠲᠤᠤᠱᠯᠠᠭᠤᠯᠬᠤ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ  ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠶᠢᠨ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠡᠯ᠎ᠡ ᠵᠦᠢᠯ ᠤᠨ ᠠᠵᠢᠯ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷᠲᠤ ᠠᠵᠢᠯᠯᠠᠭ᠎ᠠ ᠪᠠ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠡᠯ᠎ᠡ ᠲᠠᠯ᠎ᠠ ᠳᠤ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠬᠤᠶᠠᠷ ᠰᠢᠨ᠎ᠡ︾ ︽ᠭᠤᠷᠪᠠ ᠶᠢ ᠲᠡᠮᠡᠴᠡᠨ ᠣᠯᠬᠤ︾ ᠵᠢᠴᠢ ᠭᠦᠢᠴᠡᠳᠬᠡᠯ ᠲᠤᠭ᠎ᠠ ᠶᠢ ᠲᠣᠬᠢᠷᠠᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠳᠤ ︽ᠡᠭᠦᠳᠡ ᠪᠠᠨ ᠰᠠᠶᠢᠲᠤᠷ ᠨᠡᠭᠡᠭᠡᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃      ᠬᠤᠷᠠᠯ ᠠᠴᠠ᠂ ᠵᠥᠪ ᠤᠯᠤᠰ ᠲᠦᠷᠦ ᠶᠢᠨ ᠴᠢᠭᠯᠡᠯ ᠢ ᠡᠵᠡᠮᠳᠡᠵᠦ᠂ ᠭᠤᠷᠪᠠᠨ ᠱᠠᠲᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ  ᠪᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠨᠠᠮ ᠵᠠᠰᠠᠭ ᠵᠡᠷᠭᠡᠪᠡᠷ ᠠᠳᠬᠤᠨ ᠬᠠᠮᠲᠤᠪᠠᠷ ᠬᠠᠮᠢᠶᠠᠷᠤᠭᠰᠠᠨ᠂ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠣᠷᠣᠯᠴᠠᠭᠰᠠᠨ ᠰᠠᠶᠢᠨ ᠰᠠᠶᠢᠬᠠᠨ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠯ᠎ᠡ ᠬᠦᠷᠢᠶᠡᠨ ᠤ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠪᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠶᠠᠷᠢᠵᠤ᠂ ᠭᠦᠨᠵᠡᠭᠡᠢ ᠨᠡᠪᠲᠡᠷᠬᠡᠢ ᠶᠠᠷᠢᠬᠤ ᠶᠢ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠠᠮ ᠤᠨ ᠰᠤᠷᠭᠠᠭᠤᠯᠢ ᠶᠢᠨ ᠠᠵᠢᠯ ᠬᠢᠭᠡᠳ ᠪᠥᠬᠦ ᠬᠤᠲᠠ᠂ ᠪᠥᠬᠦ ᠲᠤᠭᠤᠷᠢᠭ ᠤᠨ ᠭᠤᠣᠯ ᠠᠵᠢᠯ ᠤᠨ ᠤᠶᠠᠯᠳᠤᠯ ᠤᠨ ᠴᠡᠭ ᠤᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠨᠠᠮ ᠤᠨ ᠣᠨᠣᠯ ᠤᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰᠬᠠᠶᠢᠵᠢᠭᠰᠠᠨ ᠪᠣᠯᠪᠠᠰᠤᠷᠠᠭᠤᠯᠤᠯ ᠢ ᠥᠷᠨᠢᠭᠦᠯᠵᠦ᠂ ᠺᠠᠳ᠋ᠷ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ ᠬᠠᠷᠢᠶ᠎ᠠ  ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠰᠣᠯᠢᠯᠴᠠᠭᠠᠨ ᠤ ᠠᠵᠢᠯ ᠤᠨ ᠲᠦᠷ ᠬᠡᠷᠡᠭᠵᠢᠭᠦᠯᠬᠦ ᠠᠷᠭ᠎ᠠ︾ ᠶᠢ ᠬᠢᠨᠠᠨ ᠵᠥᠪᠯᠡᠵᠦ᠂ ᠴᠢᠩᠱᠠᠨ ᠲᠣᠭᠤᠷᠢᠭ ᠤᠨ 2023 ᠣᠨ ᠤ ᠠᠵᠢᠯ ᠦᠢᠯᠡᠰ ᠤᠨ ᠨᠢᠭᠡᠴᠢ ᠶᠢᠨ ᠳᠡᠭᠡᠳᠦ ᠲᠡᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号