ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠨᠡᠯᠢᠶᠡᠳ ᠲᠦᠷᠭᠡᠨ ᠪᠥᠭᠡᠳ | ᠲᠣᠭᠲᠠᠭᠤᠨ ᠢᠶᠠᠷ ᠬᠤᠪᠢᠷᠠᠬᠤ ᠶᠢ ᠳᠠᠭᠠᠯᠳᠤᠨ᠂ ᠴᠢᠩᠱᠠᠨ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ | ᠤᠯᠠᠮ ᠢᠶᠠᠷ ᠰᠠᠶᠢᠵᠢᠷᠠᠬᠤ ᠬᠠᠨᠳᠤᠰᠢ ᠲᠠᠢ ᠪᠣᠯᠵᠤ᠂ ᠬᠡᠷᠡᠭᠯᠡᠭᠡ ᠶᠢ ᠠᠬᠢᠭᠤᠯᠬᠤ ᠠᠯᠢ ᠣᠯᠠᠨ ᠠᠵᠢᠯᠯᠠᠭ᠎ᠠ ᠶᠢ ᠴᠤ ᠡᠨᠡ | ᠵᠢᠯ ᠢᠳᠡᠪᠬᠢᠲᠡᠢ ᠥᠷᠨᠢᠭᠦᠯᠪᠡ᠃ 1—2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 44.9 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 0.4 ᠵᠠᠭᠤᠨ ᠤ ᠨᠢᠭᠡᠴᠢ ᠨᠡᠮᠡᠭᠳᠡᠵᠡᠢ᠃ | ᠨᠢᠭᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠠᠯᠬᠤᠮ ᠢᠶᠠᠷ | ᠰᠡᠷᠭᠦᠪᠡ | 1—2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 44.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 4.0% ᠨᠡᠮᠡᠭᠳᠡᠵᠡᠢ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ 40.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.9% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 4.7 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠪᠡ᠃ | ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠨᠢᠭᠡᠴᠡ ᠶᠢᠨ ᠠᠵᠢᠯᠯᠠᠭᠠᠨ ᠤ ᠬᠠᠨᠳᠤᠰᠢ | ︵ᠨᠢᠭᠡ︶ ᠬᠢᠲᠠᠳ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠬᠠᠩᠭᠠᠯᠭ᠎ᠠ ᠶᠢ ᠬᠦᠴᠦᠲᠡᠢ ᠪᠠᠲᠤᠯᠠᠨ᠎ᠠ | ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠠᠭᠤᠭᠠᠯᠢ ᠠᠷᠠᠳ ᠤᠨ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠬᠤ ᠶᠢᠨ ᠲᠥᠯᠥᠭᠡ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ | ᠲᠦᠭᠰᠢᠭᠦᠷᠢ ᠬᠠᠮᠤᠭ ᠤᠨ ᠶᠡᠭᠡ ᠪᠠᠶᠢᠭᠰᠠᠨ ᠴᠤ ᠡᠮ ᠤᠨ ᠳᠡᠯᠭᠡᠭᠦᠷ ᠮᠥᠨ ᠬᠦ ᠬᠡᠪ ᠤᠨ ᠶᠣᠰᠣᠭᠠᠷ ᠡᠵᠡᠩᠨᠡᠵᠦ | ᠪᠠᠶᠢᠬᠤ ᠪᠥᠭᠡᠳ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠡᠰᠡᠭ ᠰᠠᠭᠤᠭᠠᠯᠢ ᠠᠷᠠᠳ ᠤᠨ ᠡᠮ | ᠨᠥᠭᠡᠴᠡᠯᠡᠨ ᠬᠠᠳᠠᠭᠠᠯᠠᠬᠤ ᠪᠠᠶᠢᠳᠠᠯ ᠨᠡᠯᠢᠶᠡᠳ ᠣᠯᠠᠨ ᠪᠠᠶᠢᠳᠠᠭ᠂ ᠡᠶᠢᠮᠦ ᠠᠴᠠ 1—2 ᠳ᠋ᠤᠭᠠᠷ ᠰᠠᠷ᠎ᠠ ᠳᠤ | ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠢᠲᠠᠳ ᠡᠸᠦ᠋ᠷᠦᠫᠡ ᠡᠮ ᠤᠨ ᠲᠥᠷᠥᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 49.1% ᠪᠠᠷ ᠨᠡᠮᠡᠭᠳᠡᠵᠡᠢ᠃ | ︵ᠬᠤᠶᠠᠷ︶ ᠴᠢᠯᠠᠭᠤᠨ ᠲᠤᠰᠤᠨ ᠤ ᠲᠦᠷᠦᠯ ᠤᠨ ᠲᠠᠸᠠᠷ ᠦᠷᠭᠦᠯᠵᠢᠯᠡᠨ ᠨᠡᠮᠡᠭᠳᠡᠪᠡ | ᠬᠢᠵᠢᠭ ᠤᠨ ᠪᠠᠶᠢᠳᠠᠯ ᠤᠨ ᠨᠡᠭᠡᠭᠡᠯᠲᠡ ᠵᠢᠴᠢ ᠲᠣᠰᠣᠨ ᠤ ᠦᠨ᠎ᠡ ᠦᠷᠭᠦᠯᠵᠢᠯᠡᠨ ᠥᠰᠦᠭᠰᠡᠨ ᠠᠴᠠ ᠠᠰᠢᠭ | ᠬᠦᠷᠲᠡᠵᠦ᠂ 1—2 ᠳ᠋ᠤᠭᠠᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ | ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ | ᠬᠢ ᠠᠴᠠ 10.4% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠡ ᠶᠢᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠴᠠ 8.7 ᠵᠠᠭᠤᠨ ᠤ ᠨᠢᠭᠡᠴᠢ ᠥᠨᠳᠥᠷ ᠪᠣᠯᠵᠤ᠂ | ᠬᠢᠵᠠᠭᠠᠷᠯᠠᠭᠰᠠᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 2.5 ᠵᠠᠭᠤᠨ ᠤ ᠨᠢᠭᠡᠴᠢ ᠨᠡᠮᠡᠭᠳᠡᠭᠦᠯᠵᠡᠢ᠃ ᠡᠭᠦᠨ ᠳᠤ | ᠳᠤᠮᠳᠠᠳᠤ ᠤᠯᠤᠰ ᠤᠨ ᠴᠢᠯᠠᠭᠤᠨ ᠲᠣᠰᠣᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ | ᠬᠢ ᠠᠴᠠ 14.9 ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ | ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 13.9 ᠵᠠᠭᠤᠨ ᠤ ᠨᠢᠭᠡᠴᠢ | ᠨᠡᠮᠡᠭᠳᠡᠵᠡᠢ᠃ | ︵ᠭᠤᠷᠪᠠ︶ ᠬᠦᠷᠦᠯᠴᠡᠬᠦ ᠲᠥᠷᠥᠯ ᠤᠨ ᠬᠡᠷᠡᠭᠯᠡᠭᠡ ᠠᠯᠭᠤᠷ ᠢᠶᠠᠷ ᠰᠠᠶᠢᠵᠢᠷᠠᠪᠠ | ᠵᠢᠯ ᠤᠨ ᠡᠬᠢᠨ ᠳᠤ ᠬᠢᠵᠢᠭ ᠤᠨ ᠪᠠᠶᠢᠳᠠᠯ ᠢ ᠪᠥᠬᠦ ᠲᠠᠯ᠎ᠠ ᠪᠠᠷ ᠴᠢᠯᠦᠭᠡᠲᠡᠢ ᠪᠣᠯᠭᠠᠭᠰᠠᠨ ᠤ ᠳᠠᠷᠠᠭ᠎ᠠ᠂ | ᠭᠠᠳᠠᠭᠰᠢ ᠶᠠᠪᠤᠬᠤ᠂ ᠵᠢᠭᠤᠯᠴᠢᠯᠠᠬᠤ ᠵᠢᠴᠢ ᠭᠠᠳᠠᠭᠰᠢ ᠭᠠᠷᠴᠤ ᠬᠤᠭᠤᠯᠠ ᠢᠳᠡᠬᠦ ᠪᠠᠶᠢᠳᠠᠯ ᠠᠯᠭᠤᠷ ᠢᠶᠠᠷ | ᠰᠠᠶᠢᠵᠢᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠡᠵᠡᠩᠨᠡᠯᠲᠡ ᠶᠢᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 39.2% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ | ᠤᠮᠳᠠᠭᠠᠨ ᠤ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 6.4% ᠪᠠᠷ ᠪᠠᠭᠤᠷᠠᠪᠠ᠃ ᠪᠥᠬᠦ | ᠲᠠᠯ᠎ᠠ ᠪᠠᠷ ᠴᠢᠯᠦᠭᠡᠲᠡᠢ ᠲᠠᠯᠪᠢᠭᠰᠠᠨ ᠤ ᠳᠠᠷᠠᠭ᠎ᠠ᠂ ᠰᠠᠭᠤᠭᠠᠯᠢ ᠠᠷᠠᠳ ᠤᠨ ᠭᠠᠳᠠᠭᠰᠢ ᠭᠠᠷᠴᠤ ᠬᠤᠭᠤᠯᠠᠯᠠᠬᠤ | ᠶᠠᠪᠤᠳᠠᠯ ᠢᠯᠡᠳᠲᠡ ᠨᠡᠮᠡᠭᠳᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠳᠠᠶᠢᠯᠠᠯᠭ᠎ᠠ᠂ ᠬᠠᠮᠲᠤ ᠶᠢᠨ ᠬᠤᠭᠤᠯᠠᠨ ᠤ | ᠵᠠᠬᠢᠶᠠᠯᠠᠭ᠎ᠠ ᠨᠡᠮᠡᠭᠳᠡᠵᠦ᠂ 1—2 ᠳ᠋ᠤᠭᠠᠷ ᠰᠠᠷ᠎ᠠ ᠳᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ 9.2% ᠢᠶᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ | ᠲᠤᠭ᠎ᠠ ᠶᠢ 0.8 ᠵᠠᠭᠤᠨ ᠤ ᠨᠢᠭᠡᠴᠢ ᠳᠠᠶᠢᠴᠢᠯᠠᠭᠰᠠᠨ ᠪᠠᠶᠢᠨ᠎ᠠ᠃ | | | |